ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/13
    6 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠥᠯᠦᠪᠵᠢᠭᠦᠯᠭᠡ︾ ︽ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ᠂ ᠬᠢᠬᠢᠷ ᠶᠢᠨ ᠨᠠᠭᠤᠷ ᠤᠨ ᠬᠠᠮᠠᠭᠠᠯᠠᠯᠲᠠ ᠶᠢᠨ ᠳᠦᠷᠢᠮ︾ ︵ᠵᠠᠰᠠᠪᠤᠷᠢ ᠣᠷᠣᠭᠤᠯᠤᠭᠰᠠᠨ ᠨᠣᠣᠷᠠᠭ︶ ᠢ ᠬᠢᠨᠠᠨ ᠶᠠᠷᠢᠯᠴᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠡ ᠶᠢᠨ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠲᠦᠯᠬᠢᠨ ᠠᠬᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠤᠯᠤᠰ ᠤᠨ ᠪᠠᠶᠢᠯᠳᠤᠬᠤ ᠪᠣᠳᠣᠯᠭ᠎ᠠ ᠮᠥᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠪᠣᠯᠣᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠃ ᠴᠡᠷᠢᠭ ᠠᠩᠭᠢ ᠪᠠ ᠣᠷᠣᠨ ᠨᠤᠲᠤᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠠᠶᠢᠭᠤᠯᠤᠮᠵᠢ ᠲᠣᠭᠲᠠᠴᠠ ᠪᠠᠨ ᠴᠢᠨᠠᠭᠰᠢᠳᠠ ᠲᠡᠭᠦᠯᠳᠡᠷᠵᠢᠭᠦᠯᠵᠦ᠂ ᠪᠦᠬᠦᠯᠢ ᠴᠣᠭᠴᠠ ᠶᠢᠨ ᠲᠥᠯᠦᠪᠵᠢᠭᠦᠯᠭᠡ ᠪᠠᠨ ᠴᠢᠩᠭᠠᠳᠬᠠᠵᠤ᠂ ᠬᠡᠷᠡᠭᠴᠡᠭᠡ ᠱᠠᠭᠠᠷᠳᠠᠯᠭ᠎ᠠ ᠶᠢᠨ ᠨᠢᠭᠡᠳᠦᠯ ᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠪᠦᠬᠦ ᠡᠯᠧᠮᠧᠨ᠋ᠲ ᠤᠨ᠂ ᠤᠯᠠᠨ ᠬᠦᠷᠢᠶᠡᠨ ᠤ᠂ ᠥᠨᠳᠥᠷ ᠦᠷ᠎ᠡ ᠠᠰᠢᠭ ᠲᠠᠢ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢᠰᠢᠯ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ᠂ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠳᠠᠭ᠎ᠠ ᠶᠢᠨ ᠨᠠᠭᠤᠷ᠂ ᠬᠢᠬᠢᠷᠢ ᠶᠢᠨ ᠨᠠᠭᠤᠷ ᠤᠨ ᠬᠠᠮᠠᠭᠠᠯᠠᠯᠲᠠ ᠶᠢᠨ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠳᠦᠷᠢᠮ ᠳᠤ ᠵᠠᠰᠠᠪᠤᠷᠢ ᠣᠷᠣᠭᠤᠯᠬᠤ ᠬᠤᠯᠪᠣᠭᠳᠠᠯ ᠪᠦᠬᠦᠢ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠵᠠᠰᠠᠵᠤ ᠬᠠᠮᠠᠭᠠᠯᠠᠬᠤ ᠡᠯ᠎ᠡ ᠵᠦᠢᠯ ᠤᠨ ᠠᠵᠢᠯ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠠᠲᠤ ᠡᠭᠦᠷᠭᠡᠯᠡᠵᠦ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃                                                                         ᠵᠤᠬᠢᠶᠠᠭᠴᠢ᠄ ᠯᠢᠤ ᠶᠠᠩ                                     ᠤᠷᠴᠢᠭᠤᠯᠤᠭᠴᠢ᠄ ᠬᠦᠰᠡᠯ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2