ᠵᠢᠨᠢᠩ ᠪᠣᠭᠤᠮᠲᠠ ᠶᠢᠨ ᠬᠢᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/15
     6 ᠰᠠᠷ᠎ᠠ ᠶᠢᠨ 13 ᠤ ᠡᠳᠦᠷ᠂ ᠪᠦᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠬᠦᠷᠴᠦ ᠢᠷᠡᠬᠦ ᠲᠠᠰᠢᠷᠠᠮ ᠢᠶᠠᠷ᠂ ᠵᠢᠨᠢᠩ ᠪᠣᠭᠤᠮᠲᠠ ᠶᠢᠨ ᠬᠢᠨ ᠡᠨᠧᠷᠭᠢ ᠳᠤᠲᠠᠭᠳᠠᠵᠤ ᠪᠠᠶᠢᠭ᠎ᠠ ᠪᠠᠶᠢᠳᠠᠯ ᠢ ᠣᠶᠢᠯᠠᠭᠠᠬᠤ ᠠᠵᠢᠯᠯᠠᠭ᠎ᠠ ᠥᠷᠨᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠤᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠪᠡ᠃      ᠣᠶᠢᠯᠠᠭᠠᠭᠰᠠᠨ ᠢᠶᠠᠷ᠂ ᠵᠢᠨᠢᠩ ᠪᠣᠭᠤᠮᠲᠠ ᠶᠢᠨ ᠬᠢᠨ ᠪᠥᠬᠦ ᠺᠠᠳ᠋ᠷ ᠠᠵᠢᠯᠲᠠᠨ ᠤ ᠳᠤᠭᠤᠶ ᠤᠨᠤᠬᠤ ᠪᠤᠶᠤ ᠶᠠᠪᠠᠭᠠᠨ ᠢᠶᠠᠷ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠶᠢ ᠰᠠᠨᠠᠭᠠᠴᠢᠯᠠᠵᠤ᠂ ᠴᠠᠭᠠᠰᠤ ᠬᠡᠷᠡᠭᠯᠡᠬᠦ ᠥᠬᠡᠶ ᠪᠠᠷ ᠠᠵᠢᠯᠯᠠᠬᠤ ᠶᠢ ᠬᠡᠷᠡᠭᠵᠢᠭᠦᠯᠵᠦ᠂ ᠬᠤᠶᠠᠷ ᠲᠠᠯᠠᠲᠤ ᠳᠠᠷᠤᠮᠠᠯᠯᠠᠯ᠂ ᠪᠠᠭᠠᠰᠬᠠᠨ ᠳᠠᠷᠤᠮᠠᠯᠬᠤ ᠵᠡᠷᠭᠡ ᠠᠷᠭ᠎ᠠ ᠮᠠᠶ᠋ᠢᠭ ᠢᠶᠠᠷ ᠨᠢᠭᠡ ᠯᠡ ᠤᠳᠠᠭ᠎ᠠ ᠶᠢᠨ ᠴᠢᠨᠠᠷᠲᠠᠶ ᠬᠡᠷᠡᠭᠯᠡᠭᠡᠨ ᠤ ᠡᠳ᠋ ᠤᠨ ᠬᠤᠷᠣᠭᠳᠠᠯ ᠢ ᠪᠠᠭᠠᠰᠬᠠᠪᠠ᠃ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠵᠢᠨᠢᠩ ᠪᠣᠭᠤᠮᠲᠠ ᠶᠢᠨ ᠠᠯᠪᠠᠨ ᠠᠰᠠᠷ ᠤᠨ ᠴᠠᠬᠢᠯᠭᠠᠨ ᠱᠠᠲᠤ ᠶᠢ ᠵᠣᠭᠰᠣᠭᠠᠵᠤ᠂ ᠺᠠᠳ᠋ᠷ ᠠᠵᠢᠯᠲᠠᠳ ᠲᠤ ᠴᠠᠬᠢᠯᠭᠠᠨ ᠢ ᠠᠷᠪᠢᠯᠠᠵᠤ ᠬᠡᠷᠡᠭᠯᠡᠬᠦ ᠶᠢᠨ ᠴᠢᠬᠤᠯᠠ ᠴᠢᠨᠠᠷ ᠢ ᠣᠶᠢᠯᠠᠭᠠᠭᠤᠯᠪᠠ᠃ ᠪᠥᠬᠦ ᠪᠣᠭᠤᠮᠲᠠ ᠶᠢᠨ ᠺᠠᠳ᠋ᠷ ᠠᠵᠢᠯᠲᠠᠨ ᠳᠤ ᠬᠠᠨᠳᠤᠭᠤᠯᠤᠨ ᠬᠠᠶᠠᠭᠳᠠᠮᠠᠯ ᠬᠠᠭᠤᠴᠢᠨ ᠪᠡᠭᠡ ᠶᠢᠨ ᠬᠠᠶᠢᠷᠴᠠᠭ᠂ ᠡᠯᠧᠺᠲᠷᠣᠨ ᠦᠶᠯᠡᠳᠬᠦᠨ᠂ ᠳ᠋ᠢᠶᠠᠨ ᡂᠢ᠂ ᠳ᠋ᠧᠩ ᠤᠨ ᠬᠤᠭᠤᠯᠠᠶ ᠵᠡᠷᠭᠡ ᠬᠠᠶᠠᠭᠳᠠᠮᠠᠯ ᠬᠠᠭᠤᠴᠢᠨ ᠪᠣᠳᠠᠰ ᠢ ᠬᠤᠷᠢᠶᠠᠨ ᠠᠪᠴᠢᠷᠠᠬᠤ ᠪᠠᠷ ᠳᠠᠮᠵᠢᠭᠤᠯᠤᠨ᠂ ᠨᠢᠭᠡᠳᠦᠯᠲᠡᠶ ᠬᠤᠣᠷᠲᠠᠢ ᠬᠤᠭ ᠨᠣᠪᠰᠢ ᠶᠢ ᠬᠤᠤᠷ ᠥᠬᠡᠶ ᠪᠣᠯᠭᠠᠨ ᠰᠢᠶᠳᠪᠦᠷᠢᠯᠡᠵᠦ᠂ ᠠᠵᠢᠯᠲᠠᠨ ᠠᠵᠢᠯᠴᠢᠨ ᠤ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ᠂ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠢ ᠦᠶᠯᠡᠳᠦᠯᠭᠡᠵᠢᠭᠦᠯᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠨ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠪᠠᠶᠢᠭᠤᠯᠭ᠎ᠠ ᠶᠢ ᠪᠠᠶᠢᠭᠤᠯᠵᠤ᠂ ᠠᠮᠢ ᠠᠬᠤᠶ ᠶᠢᠨ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠪᠡ᠃      ᠡᠭᠦᠨ ᠠᠴᠠ ᠭᠠᠳᠠᠨ᠎ᠠ᠂ ᠵᠢᠨᠢᠩ ᠪᠣᠭᠤᠮᠲᠠ ᠶᠢᠨ ᠬᠢᠨ ︽ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ︾ ᠢᠶᠠᠷ ᠠᠵᠠ ᠲᠣᠬᠢᠶᠠᠯ ᠪᠣᠯᠭᠠᠵᠤ᠂ ᠮᠠᠲ᠋ᠧᠷᠢᠶᠠᠯᠢᠭ ᠲᠥᠬᠦᠭᠡᠷᠦᠮᠵᠢ ᠶᠢ ᠰᠢᠯᠢᠳᠡᠭᠵᠢᠭᠦᠯᠦᠨ᠂ ᠡᠨᠧᠷᠭᠢ ᠠᠷᠪᠢᠯᠠᠬᠤ ᠣᠶᠢᠯᠠᠭᠠᠭᠳᠠᠬᠤᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯᠲᠠᠳ ᠢᠶᠠᠨ ᠵᠣᠬᠢᠶᠠᠨ ᠪᠠᠶᠢᠭᠤᠯᠤᠨ ᠮᠣᠳᠣ ᠳᠠᠷᠢᠬᠤ ︽ᠰᠢᠵᠢᠷ ᠠᠯᠲᠠᠨ ᠴᠠᠭ︾ ᠶᠢ ᠵᠠᠪᠳᠤᠨ ᠠᠳᠬᠤᠵᠤ᠂ ᠠᠯᠪᠠᠯᠠᠬᠤ ᠠᠰᠠᠷ ᠤᠨ ᠡᠮᠦᠨ᠎ᠡ ᠵᠢᠴᠢ ᠵᠢᠨᠢᠩ ᠲᠣᠭᠤᠷᠢᠭ ᠤᠨ ᠳ᠋ᠠ ᠱᠢ ᠬᠤᠤ ᠲᠣᠰᠬᠤᠨ ᠤ ᠮᠣᠳᠣ ᠳᠠᠷᠢᠬᠤ ᠰᠠᠭᠤᠷᠢᠨ ᠭᠠᠵᠠᠷ ᠲᠤ 500 ᠭᠠᠷᠤᠶ ᠰᠠᠭᠤᠷᠢ ᠮᠣᠳᠣ ᠳᠠᠷᠢᠵᠤ᠂ ᠲᠤᠰᠬᠠᠶ ᠬᠥᠮᠦᠨ ᠢᠶᠠᠷ ᠲᠣᠭᠲᠠᠭᠰᠠᠨ ᠬᠤᠭᠤᠴᠠᠭ᠎ᠠ ᠲᠠᠢ ᠪᠠᠷ ᠤᠰᠤᠯᠠᠭᠤᠯᠤᠨ ᠠᠰᠠᠷᠠᠭᠤᠯᠵᠤ᠂ ᠨᠥᠬᠦᠨ ᠲᠠᠷᠢᠭᠤᠯᠪᠠ︔ ᠠᠯᠪᠠᠯᠠᠬᠤ ᠠᠰᠠᠷ ᠲᠤ ᠬᠠᠶᠠᠭᠳᠠᠮᠠᠯ ᠤᠰᠤ ᠶᠢ ᠥᠭᠡᠷᠡᠴᠢᠯᠡᠨ ᠵᠠᠰᠠᠬᠤ ᠠᠵᠢᠯ ᠬᠢᠵᠦ᠂ ᠠᠮᠢᠳᠤᠷᠠᠯ ᠤᠨ ᠪᠣᠬᠢᠷ ᠤᠰᠤ ᠶᠢ ᠰᠢᠶᠳᠪᠦᠷᠢᠯᠡᠭᠰᠡᠨ ᠤ ᠳᠠᠷᠠᠭ᠎ᠠ ᠠᠰᠠᠷ ᠤᠨ ᠡᠮᠦᠨᠡᠬᠢ ᠨᠣᠭᠤᠭᠠᠷᠠᠭᠤᠯᠤᠯᠲᠠ ᠳᠤ ᠬᠡᠷᠡᠭᠯᠡᠪᠡ︔ ᠬᠡᠰᠡᠭ ᠡᠭᠦᠳᠡ ᠴᠣᠩᠬᠤ ᠶᠢ ᠰᠡᠯᠪᠢᠨ ᠵᠠᠰᠠᠵᠤ ᠥᠭᠡᠷᠡᠴᠢᠯᠡᠨ᠂ ᠳᠤᠯᠠᠭᠠᠨ ᠢ  ᠬᠠᠳᠠᠭᠠᠯᠠᠬᠤ ᠬᠠᠯᠠᠭᠤᠨ ᠢ ᠬᠥᠨᠳᠡᠶᠢᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠡᠪᠦᠯ ᠤᠨ ᠴᠠᠬᠢᠯᠭᠠᠨ ᠬᠡᠷᠡᠭᠯᠡᠬᠦ ᠳᠤᠯᠠᠭᠠᠯᠠᠭ᠎ᠠ ᠶᠢᠨ ᠳᠠᠭᠠᠭᠠᠴᠠ ᠶᠢ ᠪᠠᠭᠠᠰᠬᠠᠪᠠ᠃ 2022 ᠣᠨ ᠤ ᠳᠡᠭᠡᠷ᠎ᠡ ᠬᠠᠭᠠᠰ ᠵᠢᠯ ᠳᠤ᠂ ᠵᠢᠨᠢᠩ ᠪᠣᠭᠤᠮᠲᠠ ᠶᠢᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 41.42%᠂ 13.38% ᠪᠠᠷ ᠪᠠᠭᠤᠷᠠᠪᠠ᠃      ᠵᠢᠨᠢᠩ ᠪᠣᠭᠤᠮᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠄ ︽ᠪᠣᠬᠢᠷᠲᠤᠯ ᠥᠬᠡᠶ ᠬᠥᠭᠵᠢᠯᠲᠡ ᠪᠠ ᠪᠣᠬᠢᠷᠲᠤᠯ ᠥᠬᠡᠶ ᠠᠮᠢᠳᠤᠷᠠᠯ ᠤᠨ ᠠᠷᠭ᠎ᠠ ᠮᠠᠶ᠋ᠢᠭ ᠢ ᠪᠦᠷᠢᠯᠳᠦᠭᠦᠯᠬᠦ ᠳᠤ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠬᠡᠷᠡᠭᠲᠡᠶ᠂ ᠪᠢᠳᠡᠨ ᠣᠯᠠᠨ ᠢᠶᠠᠷ ᠢᠶᠠᠨ ᠪᠣᠬᠢᠷᠲᠤᠯ ᠥᠬᠡᠶ ᠬᠡᠷᠡᠭᠯᠡᠭᠡᠨ ᠤ ᠣᠶᠢᠯᠠᠭᠠᠭᠳᠠᠬᠤᠨ ᠢ ᠪᠣᠶ ᠪᠣᠯᠭᠠᠵᠤ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠶᠢᠷᠠᠯᠠᠬᠤ ᠬᠠᠷᠢᠭᠤᠴᠠᠯᠭᠠᠲᠤ ᠤᠬᠠᠮᠰᠠᠷ ᠪᠠ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠬᠤ ᠶᠢ ᠰᠠᠨᠠᠭᠠᠴᠢᠯᠠᠵᠤ ᠪᠠᠶᠢᠨ᠎ᠠ︾ ᠭᠡᠵᠦ ᠰᠠᠨᠠᠯ ᠢᠶᠠᠨ ᠢᠯᠡᠳᠬᠡᠪᠡ᠃                                        ᠤᠷᠴᠢᠭᠤᠯᠤᠭᠴᠢ᠄ ᠤᠳᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2