ᠬᠤᠸᠠᠳᠧ ᠰᠢᠶᠠᠨ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠲᠦᠭᠡᠨ ᠪᠠᠶᠢᠭᠤᠯᠵᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠪᠠ
ᠨᠡᠶᠢᠲᠡᠯᠡᠭᠰᠡᠨ ᠴᠠᠭ᠄
2022/6/16
     ᠬᠤᠸᠠᠳᠧ ᠰᠢᠶᠠᠨ ᠬᠠᠷᠢᠴᠠᠩᠭᠤᠶ ᠪᠠᠷ ᠲᠥᠪᠯᠡᠷᠡᠭᠰᠡᠨ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠬᠤ᠂ ︽ᠨᠢᠭᠡ ᠰᠦᠯᠵᠢᠶ᠎ᠡ ᠪᠠᠷ ᠨᠡᠶᠢᠳᠡᠮ ᠰᠢᠶᠳᠪᠦᠷᠢᠯᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ︾ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠶᠯᠡᠳᠦᠯ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃      ᠨᠢᠭᠡ ᠳᠤ᠂ ︽ᠲᠣᠤᠷᠵᠢᠭᠤᠯᠤᠭᠰᠠᠨ︾ ᠬᠤᠯᠪᠣᠭ᠎ᠠ ᠠᠪᠴᠤ ᠦᠶᠯᠡᠴᠢᠯᠡᠬᠦ ᠪᠦᠯᠬᠦᠮ ᠢ ᠢᠳᠡᠪᠬᠢᠲᠡᠶ ᠪᠠᠶᠢᠭᠤᠯᠵᠤ᠂ ᠨᠢᠭᠡ ᠥᠷᠲᠡᠭᠡᠨ ᠤ ᠮᠠᠶ᠋ᠢᠭ ᠤᠨ ᠦᠶᠯᠡᠴᠢᠯᠡᠭᠡᠨ ᠤ ᠲᠥᠪ ᠤᠨ ᠶᠡᠭᠡ ᠲᠢᠩᠬᠢᠮ ᠳᠤ ᠬᠠᠪᠰᠤᠷᠤᠨ ᠣᠷᠣᠯᠠᠨ ᠭᠦᠶᠴᠡᠳᠬᠡᠬᠦ ᠦᠶᠯᠡᠴᠢᠯᠡᠭᠡᠨ ᠤ ᠲᠤᠰᠬᠠᠶ ᠴᠣᠩᠬᠤᠪᠴᠢ ᠶᠢ ᠳᠣᠭᠢᠷᠠᠭᠤᠯᠪᠠ᠃ ᠡᠭᠦᠨ ᠳᠤ ᠥᠯᠥ ᠬᠥᠳᠡᠯᠬᠦ ᠬᠥᠷᠥᠩᠭᠡ᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ ᠲᠣᠤᠷ ᠤᠨ ᠡᠷᠦᠬᠡ ᠰᠢᠯᠵᠢᠭᠦᠯᠬᠦ ᠶᠠᠪᠤᠳᠠᠯ ᠳᠤ ︽ᠣᠯᠠᠨ ᠦᠨᠡᠮᠯᠡᠯ ᠢ ᠬᠠᠮᠲᠤᠷᠠᠨ ᠭᠦᠶᠴᠡᠳᠬᠡᠬᠦ︾ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︾ ᠵᠡᠷᠭᠡ ᠪᠠᠷ ᠭᠦᠶᠴᠡᠳᠬᠡᠬᠦ ᠵᠠᠭᠪᠤᠷ ᠢ ᠬᠡᠷᠡᠭᠯᠡᠨ᠂ ︽ᠰᠦᠯᠵᠢᠶᠡᠨ ᠳᠡᠭᠡᠷ᠎ᠡ ᠲᠤᠰᠢᠶᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠢ ᠬᠤᠷᠠᠮᠳᠤᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ︽ᠥᠯᠥ ᠬᠥᠳᠡᠯᠬᠦ ᠬᠥᠷᠥᠩᠭᠡ ᠤᠰᠤ ᠴᠠᠬᠢᠯᠭᠠᠨ ᠬᠡᠢ ᠳᠤᠯᠠᠭᠠᠯᠠᠭ᠎ᠠ ᠲᠣᠤᠷ︾ ᠢ ᠡᠷᠦᠬᠡ ᠰᠢᠯᠵᠢᠭᠦᠯᠬᠦ ᠳᠤ ᠨᠢᠭᠡ ᠯᠠ ᠤᠳᠠᠭ᠎ᠠ ᠳᠤ ᠮᠡᠳᠡᠭᠳᠡᠬᠦ᠂ ᠨᠢᠭᠡ ᠯᠠ ᠤᠳᠠᠭ᠎ᠠ ᠭᠤᠶᠤᠴᠢᠯᠠᠬᠤ᠂ ᠨᠢᠭᠡ ᠯᠠ ᠤᠳᠠᠭ᠎ᠠ ᠲᠤᠰᠢᠶᠠᠬᠤ᠂ ᠨᠢᠭᠡ ᠯᠠ ᠬᠦᠰᠦᠨᠦᠭᠲᠦ ᠶᠢ ᠲᠠᠭᠯᠠᠬᠤ᠂ ᠨᠢᠭᠡ ᠯᠠ ᠥᠷᠲᠡᠭᠡ ᠳᠤ ᠭᠥᠯᠢᠶᠡᠨ ᠠᠪᠴᠤ ᠰᠢᠶᠳᠪᠦᠷᠢᠯᠡᠬᠦ ᠂ ᠨᠢᠭᠡ ᠯᠠ ᠴᠣᠩᠬᠤᠪᠴᠢ ᠪᠠᠷ ᠬᠠᠮᠲᠤᠷᠠᠨ ᠭᠦᠶᠴᠡᠳᠬᠡᠬᠦ ᠶᠢ ᠪᠡᠶᠡᠯᠡᠭᠦᠯᠪᠡ᠃ ᠣᠯᠠᠨ ᠲᠦᠮᠡᠨ ᠤ ᠠᠵᠢᠯ ᠶᠠᠪᠤᠳᠠᠯ ᠰᠢᠶᠳᠪᠦᠷᠢᠯᠡᠬᠦ ᠳᠤ  ︽ᠰᠦᠯᠵᠢᠶᠡᠨ ᠳᠡᠭᠡᠷ᠎ᠡ ᠰᠢᠢᠳᠪᠦᠷᠢᠯᠡᠵᠦ ᠨᠢᠭᠡ ᠴᠦ ᠭᠦᠶᠦᠯᠭᠡᠬᠦ ᠥᠬᠡᠶ︾ ︽ᠰᠦᠯᠵᠢᠶᠡᠨ ᠭᠠᠳᠠᠨ᠎ᠠ ᠬᠠᠮᠤᠭ ᠠᠷᠪᠢᠨ ᠳᠠᠭᠠᠨ ᠨᠢᠭᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠪᠡ᠃      ᠬᠤᠶᠠᠷ ᠲᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠨᠡᠩ ᠲᠣᠳᠣᠷᠬᠠᠶ ᠪᠣᠯᠭᠠᠵᠤ᠂ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠨᠡᠩ ᠲᠥᠪᠯᠡᠷᠡᠩᠭᠦᠶ ᠪᠣᠯᠭᠠᠵᠤ᠂ ᠬᠢᠨᠠᠨ ᠵᠥᠪᠰᠢᠶᠡᠷᠡᠬᠦ ᠬᠦᠷᠢᠶᠡᠨ ᠳᠠᠬᠢ ᠮᠠᠰᠢ ᠤᠯᠠᠨ ᠰᠠᠯᠠᠭ᠎ᠠ ᠮᠥᠴᠢᠷ ᠤᠨ ᠲᠤᠰ ᠲᠤᠰ ᠲᠠᠭᠠᠨ ᠲᠤᠭ ᠪᠤᠰᠬᠠᠬᠤ ᠠᠰᠠᠭᠤᠳᠠᠯ ᠢ ᠪᠦᠲᠦᠮᠵᠢᠲᠡᠶ ᠪᠠᠷ ᠰᠢᠶᠳᠪᠦᠷᠢᠯᠡᠵᠦ᠂ ᠬᠢᠨᠠᠨ ᠵᠥᠪᠰᠢᠶᠡᠷᠡᠬᠦ ᠦᠢᠯᠡᠳᠦᠯ ᠴᠢᠳᠠᠪᠤᠷᠢ ᠶᠢ ᠮᠡᠳᠡᠭᠳᠡᠬᠦ᠋ᠢᠴᠡ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠢᠯᠡ ᠪᠣᠯᠭᠠᠬᠤ᠂ ᠬᠢᠨᠠᠨ ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ ᠪᠠ ᠤᠯᠠᠨ ᠲᠦᠮᠡᠨ ᠳᠤ ᠳᠥᠭᠦᠮ ᠳᠥᠲᠡ ᠦᠢᠯᠡᠴᠢᠯᠡᠭᠡᠨ ᠤ ᠣᠷᠴᠢᠨ ᠨᠥᠬᠦᠴᠡᠯ ᠢ ᠬᠠᠩᠭᠠᠪᠠ᠃                                           ᠤᠷᠴᠢᠭᠤᠯᠤᠭᠴᠢ᠄ ᠤᠳᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2