ᠵᠢᠨᠢᠩ ᠲᠣᠭᠤᠷᠢᠭ ᠤᠨ ᠬᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠠᠩᠬᠠᠨ ᠤ ᠪᠦᠯᠦᠭ ᠤᠨ ᠨᠣᠮᠧᠷ ᠤᠨ ᠫᠠᠶᠢᠰᠠ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/6/17
     ᠴᠠᠬᠢᠯᠭᠠᠨ ᠬᠥᠳᠡᠯᠭᠡᠭᠦᠷᠲᠦ ᠲᠡᠷᠭᠡ ᠶᠢ ᠬᠤᠯᠠᠭᠠᠶᠢᠯᠠᠨ ᠪᠤᠯᠢᠶᠠᠭᠰᠠᠨ ᠬᠡᠷᠡᠭ ᠲᠤ ᠴᠣᠬᠢᠯᠲᠠ ᠥᠭᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠮ ᠬᠠᠷᠢᠯᠴᠠᠭᠠᠨ ᠤ ᠡᠮᠬᠢ ᠵᠢᠷᠤᠮ ᠪᠠ ᠠᠷᠠᠳ ᠤᠯᠠᠨ ᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 6 ᠰᠠᠷ᠎ᠠ ᠶᠢᠨ 10 ᠤ ᠡᠳᠦᠷ ᠠᠴᠠ 30 ᠤ ᠡᠳᠦᠷ ᠪᠣᠯᠲᠠᠯ᠎ᠠ᠂ ᠵᠢᠨᠢᠩ ᠲᠣᠭᠤᠷᠢᠭ ᠤᠨ ᠬᠢᠨ ᠠᠩᠬᠠᠨ ᠤ ᠪᠦᠯᠦᠭ ᠤᠨ ᠨᠣᠮᠧᠷ ᠤᠨ ᠫᠠᠶᠢᠰᠠ ᠠᠪᠬᠤ ᠠᠵᠢᠯ ᠢ ᠥᠷᠨᠢᠭᠦᠯᠵᠦ᠂ ᠲᠤᠰ ᠤᠳᠠᠭ᠎ᠠ ᠳᠤ 2000 ᠨᠣᠮᠧᠷ ᠤᠨ ᠫᠠᠶᠢᠰᠠ ᠲᠠᠷᠬᠠᠭᠠᠵᠤ᠂ ᠠᠯᠪᠠᠨ ᠵᠠᠷ ᠤᠨ ᠦᠶᠡᠯᠡᠯ ᠤᠨ ᠬᠤᠭᠤᠴᠠᠭᠠᠨ ᠳᠤ ᠫᠠᠶᠢᠰᠠ ᠡᠯᠭᠦᠭᠰᠡᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠰᠦᠢᠳᠬᠡᠯ ᠢ ᠬᠡᠯᠲᠦᠷᠢᠭᠦᠯᠵᠦ᠂ ᠭᠠᠵᠠᠷ ᠢ ᠨᠢ ᠰᠠᠨ ᠶᠠᠩ ᠺᠠᠢ ᠲᠠᠢ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠠᠰᠠᠷ ᠲᠤ ᠳᠤᠬᠢᠷᠠᠭᠤᠯᠵᠠᠢ᠃ ᠬᠤᠲᠠ ᠶᠢᠨ ᠠᠷᠠᠳ ᠸᠢᠴᠠᠲ ᠢᠶᠠᠷ ᠳᠠᠮᠵᠢᠭᠤᠯᠤᠨ ︽ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ︾ ᠶᠢᠨ ᠨᠡᠶᠢᠲᠡ ᠶᠢᠨ ᠳ᠋ᠤᠭᠠᠷ ᠢ ᠠᠩᠬᠠᠷᠴᠤ᠂ ︽ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ︾ ᠶᠢᠨ ᠲᠣᠪᠶᠤᠭ ᠲᠤ ︽ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶᠢᠯᠠᠵᠤ ᠪᠤᠯᠢᠶᠠᠬᠤ ᠶᠢ ᠰᠡᠷᠭᠡᠶᠢᠯᠡᠵᠦ ᠫᠠᠶᠢᠰᠠ ᠡᠯᠭᠦᠬᠦ︾ ᠶᠢ ᠲᠣᠪᠴᠢᠳᠠᠨ᠎ᠠ︔ ᠪᠠᠰᠠ ︽ᠠᠮᠤᠭᠤᠯᠠᠩᠲᠤ ᠵᠢᠨᠢᠩ︾ ᠤᠨ ᠨᠡᠶᠢᠲᠡ ᠶᠢᠨ ᠳ᠋ᠤᠭᠠᠷ ᠢ ᠠᠩᠬᠠᠷᠴᠤ᠂ ︽ᠰᠣᠨᠢᠨ ᠮᠡᠳᠡᠭᠡᠨ ᠤ ᠬᠤᠷᠢᠶᠠᠩᠭᠤᠶᠢᠯᠠᠯ︾ ᠤᠨ ᠲᠣᠪᠶᠤᠭ ᠲᠤ ︽ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶᠢᠯᠠᠵᠤ ᠪᠤᠯᠢᠶᠠᠬᠤ ᠶᠢ ᠰᠡᠷᠭᠡᠶᠢᠯᠡᠵᠦ ᠫᠠᠶᠢᠰᠠ ᠡᠯᠭᠦᠬᠦ︾ ᠶᠢ ᠳᠠᠷᠤᠵᠤ᠂ ᠰᠠᠨᠠᠭᠤᠯᠤᠮᠵᠢ ᠶᠢᠨ ᠶᠣᠰᠣᠭᠠᠷ ᠬᠠᠮᠢᠶ᠎ᠠ ᠪᠥᠬᠦᠶ ᠮᠡᠳᠡᠭᠡ ᠵᠠᠩᠭᠢ ᠶᠢ ᠣᠷᠣᠭᠤᠯᠬᠤ ᠪᠠᠷ ᠭᠤᠶᠤᠴᠢᠯᠠᠬᠤ ᠶᠢ ᠪᠡᠶᠡᠯᠡᠭᠦᠯᠵᠦ᠂ ᠰᠠᠨᠠᠭᠤᠯᠤᠮᠵᠢ ᠶᠢᠨ ᠴᠠᠭ ᠢ ᠦᠨᠳᠦᠰᠦᠯᠡᠨ᠂ ᠰᠠᠨ ᠶᠠᠩ ᠺᠠᠢ ᠲᠠᠢ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠠᠰᠠᠷ ᠠᠴᠠ ᠫᠠᠶᠢᠰᠠ ᠦᠨᠡᠮᠯᠡᠯ ᠠᠪᠴᠤ ᠪᠣᠯᠤᠨ᠎ᠠ᠃ ᠡᠭᠦᠨ ᠠᠴᠠ ᠭᠠᠳᠠᠨ᠎ᠠ᠂ ᠪᠦᠬᠦᠯᠢ ᠠᠷᠪᠠᠨ ᠵᠢᠷᠭᠤᠭᠠᠨ ᠨᠠᠰᠤ ᠭᠦᠷᠦᠭᠰᠡᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠥᠮᠴᠢᠯᠡᠭᠴᠢ ᠨᠢ ᠰᠠᠶᠢᠨ ᠳᠤᠷ᠎ᠠ ᠠᠴᠠ ᠪᠠᠨ ᠭᠤᠶᠤᠴᠢᠯᠠᠨ ᠪᠦᠷᠢᠳᠬᠡᠭᠦᠯᠵᠦ ᠫᠠᠶᠢᠰᠠ ᠡᠯᠭᠦᠭᠦᠯᠵᠦ ᠪᠣᠯᠤᠨ᠎ᠠ᠃ 6 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠨᠣᠮᠧᠷ ᠤᠨ ᠫᠠᠶᠢᠰᠠ ᠶᠢ 400 ᠭᠠᠷᠤᠶ ᠲᠦᠭᠡᠭᠡᠪᠡ᠃                                         ᠣᠷᠴᠢᠭᠤᠯᠤᠭᠴᠢ᠄ ᠤᠳᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2