ᠴᠢ ᠹᠧᠢ ᠶᠦᠨ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠴᠢᠦᠵᠸᠤ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/6/20
    6 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠴᠢᠦᠵᠸᠤ ᠬᠤᠲᠠ ᠳᠤ ᠬᠦᠷᠴᠦ᠂ ᠵᠧᠵᠢᠶᠠᠩ ᠤᠨ ᠶᠦᠩ ᠾᠧ ᠬᠦᠯᠳᠡᠭᠡᠯᠳᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ᠃     ᠶᠦᠩ ᠾᠧ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠦᠩ ᠵᠢᠶᠠᠨ ᠭᠦᠸᠧ ᠺᠣᠮᠫᠠᠨᠢ ᠶᠢᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠪᠠᠶᠢᠷᠢᠰᠢᠭᠤᠯᠤᠯᠲᠠ᠂ ᠦᠢᠯᠡᠳᠬᠦᠨ ᠤ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠠᠢ᠃     ᠴᠢ ᠹᠧᠢ ᠶᠦᠨ᠂ ᠶᠦᠩ ᠾᠧ ᠺᠣᠮᠫᠠᠨᠢ ᠪᠣᠯᠣᠨ ᠤᠯᠠᠭᠠᠨᠴᠠᠪ ᠭᠦᠨ ᠵᠤᠵᠠᠭᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠶᠦᠩ ᠾᠧ ᠺᠣᠮᠫᠠᠨᠢ ᠮᠡᠷᠭᠡᠵᠢᠯ᠂ ᠵᠠᠬ᠎ᠠ ᠳᠡᠯᠭᠡᠭᠦᠷ ᠵᠡᠷᠭᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠠᠭᠠᠨᠴᠠᠪ ᠲᠠᠬᠢ ᠪᠡᠯᠡ ᠣᠷᠣᠭᠤᠯᠤᠯᠲᠠ ᠪᠠᠨ ᠦᠷᠭᠦᠯᠵᠢᠯᠡᠨ ᠥᠷᠭᠡᠳᠬᠡᠵᠦ᠂ ᠥᠨᠳᠥᠷ ᠨᠡᠮᠡᠯᠲᠡ ᠥᠷᠲᠡᠭ ᠲᠠᠢ ᠹᠯᠣᠷ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠶᠡᠬᠡᠪᠡᠷ ᠬᠥᠭᠵᠢᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠠᠮᠤᠷ ᠲᠦᠪᠰᠢᠨ ᠢᠶᠠᠷ ᠬᠥᠭᠵᠢᠭᠦᠯᠬᠦ᠂ ᠪᠣᠬᠢᠷᠳᠤᠯ ᠦᠭᠡᠢ ᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠤ ᠢᠯᠡᠷᠬᠡᠶᠢᠯᠡᠪᠡ᠃     ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠨᠢ ᠥᠪᠥᠷ ᠮᠣᠩᠭᠤᠯ ᠤᠨ ᠶᠦᠩ ᠡᡁᠧ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠣᠷᠣᠨ ᠵᠠᠢ ᠶᠢ ᠴᠢᠨᠠᠭᠰᠢᠳᠠ ᠥᠷᠭᠡᠳᠬᠡᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠵᠤ᠂ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠥᠷᠭᠡᠵᠢᠯ ᠢ ᠠᠬᠢᠭᠤᠯᠵᠤ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠪᠡ᠃     ᠬᠤᠳᠠ ᠶᠢᠨ ᠤᠳᠤᠷᠢᠳᠤᠯᠭ᠎ᠠ ᠶᠦᠨ ᠫᠧᠩ ᠭᠠᠩ᠂ ᠭᠦᠩ ᠵᠢᠶᠠᠨ ᠰᠢᠨᠵᠢᠯᠡᠨ ᠪᠠᠶᠢᠴᠠᠭᠠᠯᠳᠡ ᠳᠤ ᠣᠷᠣᠯᠴᠠᠪᠠ                         ᠵᠤᠬᠢᠶᠠᠭᠴᠢ᠄ ᠳ᠋ᠧᠩ ᠰᠢᠸ ᠰᠢᠸ                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠤᠨ ᠰᠤᠨᠢᠨ ᠮᠡᠳᠡᠬᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2