ᠰᠦᠢ ᠸᠧᠢ ᠵᠢᠶᠦ᠋ᠨ ᠳᠥᠷᠪᠡᠳ ᠬᠤᠰᠢᠭᠤ ᠪᠣᠯᠣᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠠᠩ ᠲᠠᠢ ᠳᠡᠮᠡᠴᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/20
   
    6 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠭᠠᠩ ᠲᠠᠢ ᠳᠡᠮᠡᠴᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃     ᠰᠦᠢ ᠸᠧᠢ ᠵᠢᠶᠦ᠋ᠨ᠂ ᠬᠤᠰᠢᠭᠤ ᠰᠢᠶᠠᠩ ᠬᠤᠶᠠᠷ ᠱᠠᠲᠤᠨ ᠤ ᠬᠢᠨ ᠲᠠᠷᠢᠶᠠᠴᠢᠨ ᠡᠷᠦᠬᠡ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠭᠠᠵᠠᠷ ᠰᠢᠷᠤᠢ ᠶᠢᠨ ᠴᠢᠬᠢᠭ ᠢ ᠵᠠᠪᠳᠤᠨ ᠳᠠᠷᠢᠵᠤ᠂ ᠤᠰᠤᠯᠠᠯᠲᠠ ᠶᠢᠨ ᠤᠰᠤᠨ ᠤ ᠡᠬᠢ ᠰᠤᠷᠪᠤᠯᠵᠢ ᠶᠢ ᠭᠦᠢᠴᠡᠳ ᠠᠭᠤᠳᠠᠯᠤᠨ᠂ ᠬᠡᠷᠡᠭᠯᠡᠵᠦ ᠪᠣᠯᠬᠤ ᠲᠥᠬᠦᠭᠡᠷᠦᠮᠵᠢ ᠪᠦᠬᠦᠨ ᠢ ᠳᠠᠶᠢᠴᠢᠯᠠᠵᠤ᠂ ᠨᠥᠬᠦᠪᠦᠷᠢᠯᠡᠬᠦ ᠶᠣᠰᠣᠲᠠᠢ ᠶᠢ ᠨᠢ ᠪᠦᠬᠦᠨ ᠢ ᠨᠥᠬᠦᠪᠦᠷᠢᠯᠡᠵᠦ᠂ ᠳᠠᠷᠢᠬᠤ ᠶᠣᠰᠣᠲᠠᠢ ᠶᠢ ᠨᠢ ᠪᠦᠬᠦᠨ ᠢ ᠳᠠᠷᠢᠬᠤ ᠬᠡᠷᠡᠭᠲᠡᠢ︔ ᠬᠥᠭᠵᠢᠯᠲᠡ ᠶᠢᠨ ᠠᠷᠭ᠎ᠠ ᠬᠡᠯᠪᠡᠷᠢ ᠪᠠᠨ ᠢᠳᠡᠪᠬᠢᠲᠡᠢ ᠪᠠᠷ ᠬᠤᠪᠢᠷᠠᠭᠤᠯᠵᠤ᠂ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠬᠤ ᠲᠡᠵᠢᠭᠡᠬᠦ ᠶᠢ ᠤᠶᠠᠯᠳᠤᠭᠤᠯᠬᠤ᠂ ᠬᠠᠰᠢᠶᠠᠯᠠᠨ ᠲᠡᠵᠢᠭᠡᠵᠦ ᠨᠠᠷᠢᠯᠢᠭ ᠲᠡᠵᠢᠭᠡᠬᠦ᠂  ᠶᠠᠰᠤ ᠴᠢᠨᠠᠷ ᠢᠶᠠᠷ ᠣᠷᠣᠶᠢᠯᠠᠬᠤ ᠶᠢ ᠪᠠᠷᠢᠮᠲᠠᠯᠠᠵᠤ᠂ ᠲᠠᠷᠢᠮᠠᠯ ᠤᠨ ᠪᠦᠲᠦᠴᠡ ᠶᠢ ᠴᠠᠭ ᠲᠤᠬᠠᠢ ᠳᠤᠨᠢ ᠲᠣᠬᠢᠷᠠᠭᠤᠯᠵᠤ᠂ ᠲᠡᠵᠢᠭᠡᠯ ᠡᠪᠡᠰᠦᠨ ᠤ ᠠᠵᠤ ᠦᠢᠯᠡᠰ ᠪᠣᠯᠣᠨ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠬᠥᠭᠵᠢᠭᠦᠯᠵᠦ᠂ ᠡᠷᠦᠬᠡ ᠪᠣᠯᠭᠠᠨ ᠦᠬᠡᠷ ᠬᠤᠨᠢ ᠲᠠᠢ᠂ ᠡᠷᠦᠬᠡ ᠪᠣᠯᠭᠠᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠬᠥᠮᠥᠨ ᠮᠠᠯ ᠤᠨ ᠤᠰᠤ ᠤᠮᠳᠠ ᠶᠢᠨ ᠠᠮᠤᠷ ᠲᠦᠪᠰᠢᠨ ᠪᠣᠯᠣᠨ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠢᠯᠡᠳᠪᠦᠷᠢᠯᠡᠯ ᠠᠮᠢᠳᠤᠷᠠᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠮᠠᠯᠴᠢᠨ ᠲᠠᠷᠢᠶᠠᠴᠢᠨ ᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠢ᠃ ᠲᠠᠷᠢᠶᠠᠯᠠᠩ ᠤᠨ ᠳᠠᠭᠠᠳᠬᠠᠯ᠂ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠪᠣᠯᠣᠨ ᠠᠷᠠᠳ ᠲᠤ ᠠᠰᠢᠭ ᠬᠦᠷᠲᠡᠭᠡᠬᠦ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠲᠠᠷᠬᠠᠭᠠᠬᠤ ᠶᠣᠰᠣᠲᠠᠢ ᠶᠢ ᠨᠢ ᠪᠦᠬᠦᠨ ᠢ ᠲᠠᠷᠬᠠᠭᠠᠬᠤ ᠶᠢ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠣ ᠵᠢᠭᠠᠵᠤ ᠭᠠᠷᠭᠠᠪᠠ᠃     ᠬᠤᠲᠠ ᠶᠢᠨ ᠤᠳᠤᠷᠢᠳᠤᠯᠭ᠎ᠠ ᠶᠤᠸᠠᠨ ᠰᠢᠶᠣᠣ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                          ᠵᠤᠬᠢᠶᠠᠭᠴᠢ᠄ ᠯᠢᠦ ᠶᠠᠩ                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠤᠨ ᠰᠤᠨᠢᠨ ᠮᠡᠳᠡᠬᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2