ᠴᠢ ᠹᠸᠢ ᠶᠦᠨ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠴᠢᠦᠶ ᠵᠧᠤ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/6/20
   6 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠴᠢᠦᠶ ᠵᠧᠤ ᠬᠤᠲᠠ ᠳᠤ ᠬᠦᠷᠴᠦ᠂ ᠵᠧᠵᠢᠶᠠᠩ ᠤᠨ ᠶᠦᠩ ᠾᠧ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ᠃    ᠶᠦᠩ ᠾᠧ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠦᠩ ᠵᠢᠶᠠᠨ ᠭᠦᠸᠧ ᠺᠣᠮᠫᠠᠨᠢ ᠶᠢᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠪᠠᠶᠢᠷᠢᠰᠢᠭᠤᠯᠤᠯᠲᠠ᠂ ᠦᠢᠯᠡᠳᠬᠦᠨ ᠤ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠠᠢ᠃    ᠴᠢ ᠹᠸᠢ ᠶᠦᠨ᠂ ᠶᠦᠩ ᠾᠧ ᠺᠣᠮᠫᠠᠨᠢ ᠪᠣᠯᠤᠨ ᠤᠯᠠᠭᠠᠨᠴᠠᠪ ᠭᠦᠨ ᠵᠤᠵᠠᠭᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠶᠦᠩ ᠾᠧ ᠺᠣᠮᠫᠠᠨᠢ ᠮᠡᠷᠭᠡᠵᠢᠯ᠂ ᠵᠠᠬ᠎ᠠ ᠳᠡᠯᠭᠡᠭᠦᠷ ᠵᠡᠷᠭᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠠᠭᠠᠨᠴᠠᠪ ᠲᠠᠬᠢ ᠪᠠᠯᠠ ᠣᠷᠣᠭᠤᠯᠤᠯᠲᠠ ᠪᠠᠨ ᠦᠷᠭᠦᠯᠵᠢᠯᠡᠨ ᠥᠷᠭᠡᠳᠬᠡᠵᠦ᠂ ᠥᠨᠳᠥᠷ ᠨᠡᠮᠡᠯᠲᠡ ᠥᠷᠲᠡᠭ ᠲᠠᠢ ᠹᠯᠣᠷ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠶᠡᠬᠡᠪᠡᠷ ᠬᠥᠭᠵᠢᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠣᠯᠭᠤᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠠᠮᠤᠷ ᠲᠦᠪᠰᠢᠨ ᠢᠶᠠᠷ ᠬᠥᠭᠵᠢᠭᠦᠯᠬᠦ᠂ ᠪᠣᠬᠢᠷᠲᠤᠯ ᠦᠭᠡᠢ ᠪᠠᠷ ᠬᠥᠭᠵᠢᠭᠦᠯᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠦ ᠢᠯᠡᠷᠬᠡᠶᠢᠯᠡᠪᠡ᠃    ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠶᠦᠩ ᠡᡁᠧ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠣᠷᠣᠨ ᠵᠠᠢ ᠶᠢ ᠴᠢᠨᠠᠭᠰᠢᠳᠠ ᠥᠷᠭᠡᠳᠬᠡᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ  ᠬᠡᠯᠬᠢᠶ᠎ᠡ ᠶᠢ ᠴᠢᠩᠭᠠᠳᠬᠠᠵᠤ ᠂ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠥᠷᠭᠡᠵᠢᠯ ᠢ ᠠᠬᠢᠭᠤᠯᠵᠤ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠪᠣᠯᠣᠨ᠎ᠠ᠃    ᠬᠤᠳᠠ ᠶᠢᠨ ᠤᠳᠤᠷᠢᠳᠤᠯᠭ᠎ᠠ ᠶᠦᠨ ᠫᠧᠩ ᠭᠠᠩ᠂ ᠭᠦᠩ ᠵᠢᠶᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2