ᠬᠤᠸᠠᠳᠧ ᠰᠢᠶᠠᠨ 2022 ᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/20
     6 ᠰᠠᠷ᠎ᠠ ᠶᠢᠨ 16 ᠤ ᠡᠳᠦᠷ᠂ ᠬᠤᠸᠠᠳᠧ ᠰᠢᠶᠠᠨ 2022 ᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯᠳᠤᠭᠠᠨ ᠠᠴᠠ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠪᠦᠭᠦ ᠲᠠᠯ᠎ᠠ ᠪᠠᠷ ᠵᠠᠳᠠᠯᠵᠤ᠂ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠨᠡ ᠵᠢᠯ ᠤᠨ ᠪᠦᠭᠦ ᠰᠢᠶᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠪᠠᠶᠢᠷᠢᠯᠠᠭᠤᠯᠵᠠᠶ᠃      ᠬᠤᠷᠠᠯ ᠳᠡᠭᠡᠷ᠎ᠡ᠂ ᠴᠠᠩ ᠱᠦᠨ ᠪᠠᠯᠭᠠᠰᠤ᠂ ᠴᠠᠭ ᠠᠭᠤᠷ ᠤᠨ ᠲᠣᠪᠴᠢᠶ᠎ᠡ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠡ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠠᠴᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠡᠯ᠎ᠡ ᠵᠦᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠵᠥᠪᠳᠡᠯᠴᠡᠨ ᠰᠤᠳᠤᠯᠤᠨ ᠮᠠᠭᠠᠳᠯᠠᠬᠤ ᠪᠠ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠵᠦ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠰᠢᠢᠳᠪᠦᠷᠢᠯᠡᠬᠦ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠴᠡᠭᠴᠡᠯᠡᠨ ᠵᠠᠰᠠᠵᠤ᠂ ᠠᠶᠤᠯ ᠠᠴᠠ ᠠᠪᠤᠷᠠᠨ ᠲᠤᠰᠠᠯᠠᠬᠤ ᠬᠥᠮᠦᠰ ᠤᠨ ᠠᠮᠤᠷ ᠲᠦᠪᠰᠢᠨ ᠢ ᠴᠢᠷᠮᠠᠶᠢᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠡᠷᠬᠡᠪᠰᠢ ᠴᠠᠭ ᠢᠮᠠᠭᠲᠠ ᠰᠡᠷᠡᠮᠵᠢ ᠲᠠᠢ ᠪᠠᠶᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠲᠦᠷᠭᠡᠨ ᠪᠥᠭᠡᠳ ᠡᠷᠡᠰ ᠰᠢᠭᠤᠷᠬᠠᠶ ᠪᠠᠶᠢᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠬᠦᠴᠦᠲᠡᠶ ᠨᠠᠶᠢᠳᠠᠪᠤᠷᠢᠵᠢᠭᠤᠯᠤᠨ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠰᠡᠳᠬᠢᠯ ᠳᠡᠭᠡᠨ ᠪᠤᠳᠤᠵᠤ᠂ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠠᠷ ᠲᠠᠭᠠᠨ ᠠᠳᠬᠤᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠴᠢᠬᠤᠯᠠᠴᠢᠯᠠᠪᠠ᠃                                         ᠣᠷᠴᠢᠭᠤᠯᠤᠭᠴᠢ᠄ ᠤᠳᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
1
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2