ᠵᠦᠸᠧᠽᠢ ᠰᠢᠶᠠᠨ ᠤ 2022 ᠣᠨ ᠤ 1- 5 ᠰᠠᠷ᠎ᠠ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2022/6/20
     2022 ᠣᠨ ᠤ 1-5 ᠰᠠᠷ᠎ᠠ ᠳᠤ᠂ ᠵᠦᠸᠧᠽᠢ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 11917 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ ᠲᠤᠭ᠎ᠠ ᠶᠢᠨ 57.41% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7314 ᠲᠦᠮᠡᠨ ᠲᠥᠭᠦᠷᠢᠭ ᠨᠡᠮᠡᠭᠳᠡᠵᠦ᠂ 4603 ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠦᠨ᠂ 62.93% ᠪᠠᠷ ᠨᠡᠮᠡᠭᠳᠡᠪᠡ᠃ ᠡᠭᠦᠨ ᠳᠤ᠄ ᠭᠠᠶᠢᠯᠢ ᠶᠢᠨ ᠣᠷᠣᠯᠭ᠎ᠠ ᠶᠢ 8470 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 5950 ᠲᠦᠮᠡᠨ ᠲᠥᠭᠦᠷᠢᠭ ᠠᠴᠠ 2520 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 42.35% ᠪᠠᠶᠢᠵᠤ᠂ ᠪᠥᠬᠦ ᠣᠷᠣᠯᠭ᠎ᠠ ᠶᠢᠨ 71.1% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ ᠨᠡᠶᠢᠲᠡ 3447 ᠲᠦᠮᠡᠨ ᠲᠥᠭᠦᠷᠢᠭ ︵ᠰᠤᠷᠭᠠᠨ ᠬᠥᠮᠦᠵᠢᠯ ᠤᠨ ᠨᠡᠮᠡᠯᠲᠡ ᠶᠢ ᠪᠠᠭᠲᠠᠭᠠᠨ᠎ᠠ︶ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2083 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 152.7% ᠪᠠᠶᠢᠵᠤ᠂ ᠪᠥᠬᠦ ᠣᠷᠣᠯᠭ᠎ᠠ ᠶᠢᠨ 28.9% ᠶᠢ ᠡᠵᠡᠯᠡᠪᠡ᠃ 2022 ᠣᠨ ᠤ 1-5 ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 75968 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 73545 ᠲᠦᠮᠡᠨ ᠲᠥᠭᠦᠷᠢᠭ ᠤᠨ ᠵᠠᠷᠤᠯᠭ᠎ᠠ ᠠᠴᠠ 2423 ᠲᠦᠮᠡᠨ ᠲᠥᠭᠦᠷᠢᠭ ᠤᠨ ᠵᠠᠷᠤᠯᠭ᠎ᠠ ᠨᠡᠮᠡᠭᠳᠡᠨ᠂ 3.3% ᠪᠠᠷ ᠨᠡᠮᠡᠭᠳᠡᠪᠡ᠃                                           ᠣᠷᠴᠢᠭᠤᠯᠤᠭᠴᠢ᠄ ᠤᠳᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2