ᠴᠢ ᠹᠧᠢ ᠶᠦᠨ ᠵᠧᠵᠢᠶᠠᠩ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ ᠠᠷᠠᠯᠵᠢᠶᠠᠴᠢᠨ ᠤᠷᠢᠪᠠ
ᠨᠡᠶᠢᠲᠡᠯᠡᠭᠰᠡᠨ ᠴᠠᠭ᠄
2022/6/21
    6 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠪᠦᠯᠬᠦᠮ ᠳᠠᠭᠠᠭᠤᠯᠤᠨ ᠵᠧᠵᠢᠶᠠᠩ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ ᠠᠷᠠᠯᠵᠢᠶᠠᠴᠢᠨ ᠤᠷᠢᠪᠠ᠃     ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠵᠧᠵᠢᠶᠠᠩ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠰᠢᠨ᠎ᠡ ᠶᠢ ᠡᠭᠦᠳᠴᠦ ᠦᠢᠯᠡᠰ ᠪᠣᠰᠬᠠᠬᠤ ᠰᠠᠭᠤᠷᠢᠨ ᠵᠡᠷᠭᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠳᠠᠷᠠᠭ᠎ᠠ ᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠴᠢ ᠹᠧᠢ ᠶᠦᠨ ᠤᠯᠠᠭᠠᠨᠴᠠᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠠᠬᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠤᠯᠠᠭᠠᠨᠴᠠᠪ ᠤᠨ ᠣᠷᠣᠨ ᠪᠠᠶᠢᠷᠢ ᠶᠢᠨ ᠵᠠᠮ ᠬᠠᠷᠢᠯᠴᠠᠭ᠎ᠠ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠶᠡᠭᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠭᠢᠯᠡᠬᠦ ᠳᠠᠪᠠᠭᠤᠯᠢᠭ ᠢᠯᠡᠷᠬᠡᠢ᠂ ᠵᠧᠵᠢᠶᠠᠩ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ ᠬᠠᠮᠲᠤᠷᠠᠨ ᠠᠵᠢᠯᠯᠠᠵᠤ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ                             ᠵᠤᠬᠢᠶᠠᠭᠴᠢ᠄ ᠯᠢᠦ ᠶᠠᠩ                             ᠤᠷᠴᠢᠭᠤᠯᠤᠭᠴᠢ᠄ ᠭᠤᠸ᠎ᠠ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2