ᠣᠶᠢᠷ᠎ᠠ ᠳᠤ᠂ ᠬᠠᠯᠠᠭᠤᠨ ᠠᠭᠤᠷ ᠠᠮᠢᠰᠬᠤᠯ᠂ ᠪᠣᠷᠣᠭᠠᠨ ᠪᠠᠭ᠎ᠠ᠂ ᠬᠥᠷᠥᠰᠥ ᠰᠢᠷᠣᠶ ᠶᠢᠨ ᠴᠢᠭᠢᠭ ᠤᠨ | ᠪᠠᠶᠢᠳᠠᠯ ᠬᠦᠷᠦᠯᠴᠡᠬᠦ ᠥᠬᠡᠶ ᠠᠴᠠ ᠪᠣᠯᠵᠣ᠂ ᠯᠢᠶᠠᠩᠴᠧᠩ ᠰᠢᠶᠠᠨ ᠤ 9.12 ᠲᠦᠮᠡᠨ ᠮᠥ ᠲᠠᠷᠢᠶᠠᠨ ᠭᠠᠵᠠᠷ ᠤᠨ | ᠲᠠᠷᠢᠮᠠᠯ ᠭᠠᠩ ᠬᠠᠭᠰᠠᠷᠠᠭᠠᠨ ᠠᠴᠠ ᠪᠣᠯᠵᠣ ᠠᠳᠠᠯᠢ ᠪᠤᠰᠤ ᠬᠡᠮᠵᠢᠶ᠎ᠡ ᠪᠠᠷ ᠨᠥᠯᠥᠭᠡᠯᠡᠭᠳᠡᠵᠡᠶ᠂ ᠭᠠᠩ | ᠬᠠᠭᠰᠠᠷᠠᠭᠠᠨ ᠲᠠᠢ ᠲᠡᠮᠡᠴᠡᠵᠦ ᠠᠷᠭᠠᠴᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠢᠶᠠᠨ ᠤ ᠤᠰᠤᠨ | ᠠᠰᠢᠭᠯᠠᠯᠲᠠ ᠶᠢᠨ ᠲᠣᠪᠴᠢᠶ᠎ᠠ ᠴᠠᠭ ᠲᠤᠬᠠᠶ ᠳᠤᠨᠢ ᠤᠰᠤ ᠲᠠᠲᠠᠵᠤ ᠤᠰᠤᠯᠠᠬᠤ ᠲᠥᠰᠦᠯ ᠢ ᠡᠬᠢᠯᠡᠨ ᠬᠡᠷᠡᠭᠵᠢᠭᠦᠯᠵᠦ | ᠂ ᠲᠣᠰᠬᠤᠨ ᠤ ᠠᠷᠠᠳ ᠤᠨ ᠪᠠᠴᠢᠮ ᠪᠠᠶᠢᠳᠠᠯ ᠢ ᠰᠢᠶᠳᠪᠦᠷᠢᠯᠡᠵᠡᠶ᠃ | ᠪᠠᠶᠢᠴᠠᠭᠠᠵᠤ ᠪᠦᠷᠢᠳᠬᠡᠭᠰᠡᠨ ᠢᠶᠠᠷ᠂ ᠪᠥᠬᠦ ᠰᠢᠶᠠᠨ ᠤ ᠭᠠᠩ ᠬᠠᠭᠰᠠᠷᠠᠭᠠᠨ ᠤ ᠨᠥᠯᠥᠭᠡ ᠪᠠᠷ ᠲᠠᠷᠢᠮᠠᠯ | ᠳᠠᠷᠢᠭᠰᠠᠨ ᠥᠬᠡᠶ ᠲᠠᠯᠠᠪᠠᠶ 1.79 ᠲᠦᠮᠡᠨ ᠮᠥ ᠪᠠᠶᠢᠵᠤ᠂ ᠲᠠᠷᠢᠭᠰᠠᠨ ᠪᠣᠯᠪᠠᠴᠤ ᠭᠠᠩ ᠬᠠᠭᠰᠠᠷᠠᠭᠠᠨ ᠠᠴᠠ | ᠪᠣᠯᠵᠣ ᠴᠢᠬᠢ ᠭᠠᠷᠤᠭᠰᠠᠨ ᠥᠬᠡᠶ ᠭᠠᠵᠠᠷ 4.63 ᠲᠦᠮᠡᠨ ᠮᠥ ᠪᠠᠶᠢᠵᠤ᠂ ᠴᠢᠬᠢ ᠭᠠᠷᠤᠭᠰᠠᠨ ᠪᠣᠯᠪᠠᠴᠤ ᠭᠠᠩ | ᠬᠠᠭᠰᠠᠷᠠᠭᠠᠨ ᠠᠴᠠ ᠪᠣᠯᠵᠣ ᠬᠤᠬᠢᠷᠠᠯ ᠳᠤ ᠤᠴᠠᠷᠠᠨ᠂ ᠴᠢᠬᠢ ᠳᠤᠲᠠᠭᠰᠠᠨ᠂ ᠬᠠᠳᠠᠵᠤ ᠬᠤᠪᠠᠭ᠋ᠠᠶᠢᠷᠠᠭᠰᠠᠨ ᠲᠠᠯᠠᠪᠠᠶ | 2.7 ᠲᠦᠮᠡᠨ ᠮᠥ ᠪᠠᠶᠢᠨ᠎ᠠ᠃ ᠤᠰᠤᠨ ᠠᠰᠢᠭᠯᠠᠯᠲᠠ ᠶᠢᠨ ᠲᠣᠪᠴᠢᠶ᠎ᠠ ᠴᠠᠭ ᠲᠤᠬᠠᠶ ᠳᠤᠨᠢ 8 ᠮᠡᠷᠭᠡᠵᠢᠯ ᠤᠨ | ᠵᠢᠭᠠᠨ ᠵᠢᠯᠣᠭᠤᠳᠬᠤ ᠳᠤᠭᠤᠶᠢᠯᠠᠩ ᠲᠣᠮᠢᠯᠠᠨ 8 ᠰᠢᠶᠠᠩ ᠪᠠᠯᠭᠠᠰᠤᠨ ᠳᠤ ᠭᠦᠨᠵᠡᠭᠡᠶᠢᠷᠡᠭᠦᠯᠦᠨ ᠪᠦᠬᠦ ᠰᠢᠶᠠᠨ ᠤ | ᠳᠥᠷᠪᠡᠨ ᠤᠰᠤᠨ ᠴᠥᠭᠦᠷᠥᠮ ᠢ ᠠᠰᠢᠭᠯᠠᠨ᠂ ᠲᠠᠷᠢᠶᠠᠨ ᠭᠠᠵᠠᠷ ᠢ ᠤᠰᠤᠯᠠᠬᠤ ᠶᠢᠨ ᠬᠠᠮᠲᠤ ᠪᠠᠰᠠ ᠤᠰᠤ ᠲᠠᠲᠠᠬᠤ | ᠬᠥᠭᠡᠷᠭᠡ ᠨᠡᠮᠡᠵᠦ᠂ ᠨᠠᠯᠠᠤ ᠭᠠᠵᠠᠷ ᠤᠨ ᠲᠠᠷᠢᠮᠠᠯ ᠢ ᠤᠰᠤᠯᠠᠵᠤ᠂ ᠭᠠᠩ ᠬᠠᠭᠰᠠᠷᠠᠭᠠᠨ ᠤ ᠪᠠᠶᠢᠳᠠᠯ ᠢ ᠨᠠᠮᠳᠠᠭᠤᠯᠵᠠᠶ᠃ | ᠡᠭᠦᠨ ᠤ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠨ ᠭᠠᠩ ᠬᠠᠭᠰᠠᠷᠠᠭᠠᠨ ᠲᠠᠢ ᠲᠡᠮᠡᠴᠡᠵᠦ ᠤᠰᠤᠯᠠᠬᠤ | ᠳᠤᠮᠳᠠᠬᠢ ᠪᠣᠳᠠᠲᠠᠶ ᠬᠦᠴᠢᠷᠳᠡᠯ ᠢ ᠰᠢᠶᠳᠪᠦᠷᠢᠯᠡᠵᠦ᠂ ᠭᠠᠩ ᠬᠠᠭᠰᠠᠷᠠᠭᠠᠨ ᠤ ᠲᠠᠷᠢᠶᠠᠯᠠᠩ ᠤᠨ ᠦᠢᠯᠡᠳᠪᠦᠷᠢᠯᠡᠯ ᠳᠤ | ᠦᠵᠡᠭᠦᠯᠬᠦ ᠨᠥᠯᠥᠭᠡ ᠶᠢ ᠴᠢᠷᠮᠠᠶᠢᠨ ᠨᠠᠮᠬᠠᠳᠬᠠᠵᠤ᠂ ᠲᠠᠷᠢᠶᠠᠨ ᠭᠠᠵᠠᠷ ᠤᠨ ᠤᠰᠤᠯᠠᠯᠲᠠ ᠶᠢ ᠠᠬᠢᠭᠤᠯᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠭᠠᠩ ᠬᠠᠭᠰᠠᠷᠠᠭᠠᠨ ᠤ | ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠨᠥᠯᠥᠭᠡ ᠶᠢ ᠴᠢᠳᠠᠬᠤ ᠶᠢᠨ ᠬᠢᠷᠢ ᠪᠠᠷ ᠬᠠᠮᠤᠭ ᠤᠨ ᠪᠠᠭ᠎ᠠ | ᠬᠡᠮᠵᠢᠶᠡᠨ ᠳᠤ ᠬᠦᠷᠲᠡᠯ᠎ᠡ ᠪᠠᠭᠠᠰᠬᠠᠪᠡ᠃ | ᠵᠠᠯᠭᠠᠭᠠᠳ ᠪᠠᠰᠠ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠤᠳᠳᠤᠭ ᠤᠨ ᠤᠰᠤᠯᠠᠯᠲᠠ ᠶᠢᠨ ᠣᠷᠣᠨ ᠤ ᠤᠰᠤᠯᠠᠯᠲᠠ ᠶᠢ ᠰᠠᠶᠢᠲᠤᠷ ᠠᠳᠬᠤᠵᠤ᠂ | ᠤᠳᠤ ᠪᠠᠶᠢᠭ᠎ᠠ 1235 ᠤᠰᠤᠯᠠᠯᠲᠠ ᠶᠢᠨ ᠬᠤᠳᠳᠤᠭ ᠢ ᠬᠡᠷᠡᠭᠯᠡᠭᠡᠨ ᠳᠤ ᠣᠷᠣᠭᠤᠯᠵᠤ᠂ ᠤᠰᠤ ᠬᠡᠷᠡᠭᠯᠡᠬᠦ | ᠲᠦᠷᠦ ᠶᠢᠨ ᠪᠤᠳᠤᠯᠭ᠎ᠠ ᠶᠢ ᠠᠭᠤᠵᠢᠭᠤ ᠲᠠᠯᠪᠢᠵᠤ᠂ ᠲᠠᠷᠢᠮᠠᠯ ᠤᠨ ᠡᠷᠦᠬᠡ ᠶᠢᠨ ᠠᠯᠢᠪᠠ ᠠᠰᠢᠭᠯᠠᠵᠤ ᠪᠣᠯᠬᠤ ᠤᠰᠤᠨ | ᠴᠥᠭᠦᠷᠥᠮ᠂ ᠶᠡᠭᠡ ᠠᠮᠠᠰᠠᠷᠲᠤ ᠬᠤᠳᠳᠤᠭ᠂ ᠭᠤᠣᠯ ᠤᠨ ᠵᠠᠮ ᠤᠨ ᠤᠷᠤᠰᠬᠠᠯ ᠤᠨ ᠤᠰᠤ᠂ ᠤᠰᠤᠨ ᠲᠡᠷᠭᠡ ᠪᠠᠷ | ᠵᠥᠭᠡᠭᠡᠪᠦᠷᠢᠯᠡᠬᠦ ᠵᠡᠷᠭᠡ ᠶᠢ ᠠᠰᠢᠭᠯᠠᠨ ᠤᠶᠢᠷ᠎ᠠ ᠬᠠᠪᠢ ᠠᠴᠠ ᠤᠰᠤ ᠲᠠᠲᠠᠬᠤ ᠶᠢ ᠵᠣᠷᠢᠭᠵᠢᠭᠤᠯᠵᠤ᠂ ᠤᠨᠢᠨ | ᠳᠡᠭᠡᠷ᠎ᠡ ᠨᠢ ᠤᠰᠤᠯᠠᠬᠤ ᠶᠢ ᠥᠷᠨᠢᠭᠦᠯᠦᠨ᠎ᠡ᠃ ᠡᠭᠦᠨ ᠤ ᠬᠠᠮᠲᠤ ᠤᠰᠤᠯᠠᠯᠲᠠ ᠶᠢᠨ ᠣᠷᠣᠨ ᠤ ᠡᠪᠳᠡᠷᠡᠵᠦ | ᠰᠦᠢᠳᠦᠭᠰᠡᠨ ᠰᠤᠪᠠᠭ ᠤᠨ ᠬᠡᠰᠡᠭ ᠲᠤ ᠳᠣᠲᠣᠷ ᠴᠣᠭᠴᠠᠯᠠᠯ ᠤᠨ ᠰᠡᠯᠪᠢᠨ ᠵᠠᠰᠠᠯᠲᠠ ᠬᠢᠵᠦ᠂ ᠰᠤᠪᠠᠭ ᠤᠨ | ᠳᠣᠲᠣᠷᠠᠬᠢ ᠡᠯᠡᠰᠦ ᠰᠢᠷᠣᠶ ᠪᠠ ᠪᠤᠵᠠᠷ ᠡᠪᠡᠰᠦ ᠶᠢ ᠲᠦᠢᠯᠪᠤᠷᠢᠲᠠᠶ ᠴᠡᠪᠡᠷᠯᠡᠵᠦ᠂ ᠰᠤᠪᠠᠭ ᠤᠨ ᠰᠠᠭᠠᠳ ᠦᠭᠡᠢ | ᠨᠡᠪᠲᠡᠷᠡᠬᠦ ᠶᠢ ᠦᠨᠡᠨ ᠬᠦ ᠪᠠᠲᠤᠯᠠᠵᠤ᠂ ᠭᠠᠩ ᠬᠠᠭᠰᠠᠷᠠᠭᠠᠨ ᠤ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ | ᠨᠥᠯᠥᠭᠡ ᠪᠠ ᠬᠤᠬᠢᠷᠠᠯ ᠢ ᠠᠯᠢ ᠴᠢᠳᠠᠬᠤ ᠪᠠᠷ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ | ᠲᠥᠯᠥᠪᠯᠡᠵᠦ ᠪᠠᠶᠢᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |