ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶᠢᠯᠠᠬᠤ ᠶᠢ ᠰᠡᠷᠭᠡᠶᠢᠯᠡᠵᠤ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠶᠢ ᠥᠷᠨᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/6/22
     ᠮᠠᠨ ᠤ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠳᠠᠩᠰᠠᠯᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠪᠠ ᠪᠠᠭᠠᠰᠬᠠᠵᠤ᠂ ᠠᠮᠤᠷ ᠲᠦᠪᠰᠢᠨ ᠪᠣᠯᠪᠠᠰᠤᠨ ᠢᠶᠠᠷ ᠠᠶᠠᠯᠠᠬᠤ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠲᠣᠭᠲᠠᠭᠠᠯᠭᠠᠭᠠᠳ᠂ 2022 ᠣᠨ ᠤ 6 ᠳ᠋ᠤᠭᠠᠷ ᠰᠠᠷ᠎ᠠ ᠶᠢᠨ 21 ᠤ ᠡᠳᠦᠷ ᠠᠴᠠ ᠡᠬᠢᠯᠡᠨ᠂ ᠤᠯᠠᠭᠠᠨᠴᠠᠪ ᠬᠤᠲᠠ ᠪᠥᠬᠦ ᠬᠤᠲᠠ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶᠢᠯᠠᠬᠤ ᠶᠢ ᠰᠡᠷᠭᠡᠶᠢᠯᠡᠵᠤ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠠᠵᠢᠯ ᠢ ᠥᠷᠨᠢᠭᠦᠯᠬᠦ ᠪᠠᠷ ᠪᠣᠶ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠳᠠᠩᠰᠠᠯᠠᠭᠤᠯᠬᠤ ᠬᠡᠪᠴᠢᠶ᠎ᠡ      ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠮ ᠢᠶᠠᠷ ᠶᠠᠪᠤᠬᠤ ᠬᠤᠶᠠᠷ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ᠂ ᠭᠤᠷᠪᠠᠨ ᠬᠦᠷᠳᠦᠲᠦ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠳᠤ ᠰᠦᠶᠳᠬᠡᠯ ᠬᠤᠷᠢᠶᠠᠬᠤ ᠥᠬᠡᠶ ᠪᠠᠷ ᠬᠤᠯᠠᠭᠠᠶᠢᠯᠠᠬᠤ ᠶᠢ ᠰᠡᠷᠭᠡᠶᠢᠯᠡᠵᠤ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠶᠢ ᠬᠡᠷᠡᠭᠵᠢᠭᠦᠯᠦᠨ᠎ᠡ᠃      ᠬᠤᠶᠠᠷ᠂ ᠳᠠᠩᠰᠠᠯᠠᠭᠤᠯᠬᠤ ᠴᠠᠭ᠂ ᠭᠠᠵᠠᠷ      ︵ᠨᠢᠭᠡ︶ ᠲᠥᠪᠯᠡᠷᠡᠭᠦᠯᠦᠨ ᠭᠦᠶᠴᠡᠳᠬᠡᠬᠦ ᠴᠠᠭ᠄ 2022 ᠣᠨ ᠤ 6 ᠰᠠᠷ᠎ᠠ ᠶᠢᠨ 21 ᠤ ᠡᠳᠦᠷ ᠠᠴᠠ 2022 ᠣᠨ ᠤ 8 ᠰᠠᠷ᠎ᠠ ᠶᠢᠨ 25 ᠤ ᠡᠳᠦᠷ ᠪᠣᠯᠲᠠᠯ᠎ᠠ᠃      ︵ᠬᠤᠶᠠᠷ︶ ᠭᠦᠶᠴᠡᠳᠬᠡᠬᠦ ᠭᠠᠵᠠᠷ᠄ ᠡᠯ᠎ᠡ ᠲᠣᠮᠢᠯᠠᠭᠰᠠᠨ ᠰᠠᠯᠪᠤᠷᠢ᠂ ᠴᠠᠭᠳᠠᠭᠠᠨ ᠤ ᠶᠠᠪᠤᠳᠠᠯ ᠤᠨ ᠲᠠᠰᠤᠭ᠂ ᠲᠦᠷ ᠴᠠᠭ ᠪᠦᠷᠢᠳᠬᠡᠨ ᠳᠠᠩᠰᠠᠯᠠᠭᠤᠯᠬᠤ ᠭᠠᠵᠠᠷ︔ ᠪᠣᠳᠠᠲᠠᠶ ᠭᠦᠶᠴᠡᠳᠬᠡᠬᠦ ᠲᠣᠤᠷ ᠴᠡᠭ ᠲᠤ ᠤᠯᠠᠭᠠᠨᠴᠠᠪ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ︾ ᠪᠠ ︽ᠤᠯᠠᠭᠠᠨᠴᠠᠪ ᠤᠨ ᠵᠠᠮ ᠬᠠᠷᠢᠯᠴᠠᠭᠠᠨ ᠤ ᠴᠠᠭᠳᠠᠭ᠎ᠠ︾ ᠶᠢᠨ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠬᠠᠮᠢᠶ᠎ᠠ ᠪᠥᠬᠦᠶ ᠲᠣᠤᠷ ᠴᠡᠭ ᠤᠨ ᠮᠡᠳᠡᠭᠡ ᠵᠠᠩᠭᠢ ᠶᠢ ᠣᠯᠵᠤ ᠠᠪᠤᠭᠠᠷᠠᠶ᠃      ᠭᠤᠷᠪᠠ᠂ ᠪᠣᠳᠠᠲᠠᠶ ᠳᠠᠩᠰᠠᠯᠠᠭᠤᠯᠬᠤ ᠱᠠᠭᠠᠷᠳᠠᠯᠭ᠎ᠠ      ᠪᠦᠬᠦᠯᠢ ᠠᠷᠪᠠᠨ ᠵᠢᠷᠭᠤᠭᠠᠨ ᠨᠠᠰᠤ ᠬᠦᠷᠦᠭᠰᠡᠨ ︵ᠪᠠᠭᠲᠠᠨ᠎ᠠ︶ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠥᠮᠴᠢᠯᠡᠭᠴᠢ ᠨᠢ ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠲᠤᠬᠠᠶ ᠶᠢᠨ ᠲᠠᠯᠠᠪᠤᠷ ᠲᠤ ᠲᠡᠷᠭᠡ ᠪᠠᠨ ᠲᠤᠰᠢᠶᠠᠵᠤ ᠰᠢᠯᠭᠠᠭᠤᠯᠬᠤ ᠶᠢᠨ ᠬᠠᠮᠲᠤ ᠳᠣᠤᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠶ᠄ 1.ᠥᠮᠴᠢᠯᠡᠭᠴᠢ ᠶᠢᠨ ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠥᠬᠦᠶ ᠪᠡᠶ᠎ᠡ ᠶᠢᠨ ᠦᠨᠡᠮᠯᠡᠯ᠃ 2.ᠴᠠᠬᠢᠯᠭᠠᠨ ᠬᠥᠳᠡᠯᠭᠡᠭᠦᠷᠲᠦ ᠲᠡᠷᠭᠡᠨ ᠤ ᠬᠢᠷᠢ ᠲᠡᠩᠴᠡᠭᠰᠡᠨ ᠦᠨᠡᠮᠯᠡᠯ ᠪᠤᠶᠤ ᠲᠡᠷᠭᠡᠨ ᠤ ᠪᠦᠬᠦᠯᠢ ᠲᠡᠷᠭᠡ ᠪᠠᠷ ᠦᠢᠯᠡᠳᠪᠦᠷᠢ ᠠᠴᠠ ᠭᠠᠷᠬᠤ ᠳᠤ ᠬᠢᠷᠢ ᠲᠡᠩᠴᠡᠭᠰᠡᠨ ᠭᠡᠷᠡᠴᠢ᠂ ᠲᠡᠷᠭᠡ ᠬᠤᠳᠠᠯᠳᠤᠨ ᠠᠪᠤᠭᠰᠠᠨ ᠪᠠᠷᠢᠮᠲᠠ︔ ᠳᠡᠭᠡᠷ᠎ᠡ ᠳᠤᠷᠠᠳᠤᠭᠰᠠᠨ ᠲᠡᠷᠭᠡ ᠬᠤᠳᠠᠯᠳᠤᠨ ᠠᠪᠤᠭᠰᠠᠨ ᠭᠡᠷᠡᠴᠢ ᠪᠠᠷᠢᠮᠲᠠ ᠥᠭᠡᠢ ᠪᠣᠯ ᠥᠮᠴᠢᠯᠡᠭᠴᠢ ᠠᠴᠠ ᠲᠡᠷᠭᠡᠨ ᠤ ᠢᠷᠡᠯᠲᠡ ᠶᠢᠨ ᠬᠠᠤᠯᠢ ᠶᠤᠰᠤᠴᠢ ᠴᠢᠨᠠᠷ ᠲᠤ ᠪᠢᠴᠢᠭ ᠤᠨ ᠠᠮᠠᠯᠠᠯᠲᠠ ᠬᠢᠬᠦ ᠬᠡᠷᠡᠭᠲᠡᠢ᠃      ᠳᠥᠷᠪᠡ᠂ ᠪᠤᠰᠤᠳ ᠵᠦᠢᠯ      ︵ᠨᠢᠭᠡ︶ 2022 ᠣᠨ ᠤ 8 ᠳ᠋ᠤᠭᠠᠷ ᠰᠠᠷ᠎ᠠ ᠶᠢᠨ 25 ᠤ ᠡᠳᠦᠷ ᠲᠥᠪᠯᠡᠷᠡᠭᠦᠯᠦᠨ ᠳᠠᠩᠰᠠᠯᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠤᠳᠠᠯᠳᠤᠨ ᠠᠪᠬᠤ ᠳᠤ᠂ ᠲᠡᠷᠭᠡ ᠬᠤᠳᠠᠯᠳᠤᠨ ᠠᠪᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠲᠣᠰ ᠬᠥᠮᠦᠨ ᠤ ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ᠂ ᠴᠠᠭᠳᠠᠭᠠᠨ ᠤ ᠶᠠᠪᠤᠳᠠᠯ ᠤᠨ ᠲᠠᠰᠤᠭ ᠪᠤᠶᠤ ᠪᠤᠰᠤᠳ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠪᠦᠷᠢᠳᠬᠡᠨ ᠳᠠᠩᠰᠠᠯᠠᠭᠤᠯᠬᠤ ᠪᠠᠷ ᠭᠤᠶᠤᠴᠢᠯᠠᠬᠤ ᠬᠡᠷᠡᠭᠲᠡᠶ᠃      ︵ᠬᠤᠶᠠᠷ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤ ᠪᠠᠷ᠂ ᠴᠠᠬᠢᠯᠭᠠᠨ ᠬᠥᠳᠡᠯᠭᠡᠭᠦᠷᠲᠦ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠫᠠᠶᠢᠰᠠ ᠠᠪᠴᠤ ᠪᠣᠷᠣᠯᠠᠭᠤᠯᠬᠤ ᠦᠶᠯᠡᠴᠢᠯᠡᠭᠡ ᠬᠠᠩᠭᠠᠯᠭᠠᠬᠤ ᠪᠠᠷ ᠱᠠᠭᠠᠷᠳᠠᠵᠤ᠂ ᠪᠠᠷᠠᠭᠠᠨ ᠤ ᠭᠦᠶᠯᠭᠡᠭᠡᠨ ᠤ ᠲᠦᠷᠭᠡᠨ ᠬᠦᠷᠭᠡᠬᠦ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠰᠢᠭᠯᠠᠯᠲᠠ ᠳᠤ ᠣᠷᠣᠭᠤᠯᠤᠭᠰᠠᠨ ᠬᠠᠮᠲᠤᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠦᠬᠦᠨ ᠢ ᠫᠠᠶᠢᠰᠠ ᠡᠯᠭᠦᠭᠦᠯᠦᠨ᠎ᠡ᠃ ᠡᠯ᠎ᠡ ᠲᠣᠮᠣ ᠳᠠᠭᠠᠳᠬᠠᠯ ᠤᠨ ᠺᠣᠮᠫᠠᠨᠢ ᠶᠢ ᠵᠣᠬᠢᠴᠠᠭᠤᠯᠤᠨ ᠳᠠᠭᠠᠳᠬᠠᠯ ᠤᠨ ᠵᠠᠷᠤᠳᠠᠯ ᠤᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠥᠮᠴᠢᠯᠡᠭᠴᠢ ᠶᠢᠨ ᠲᠡᠷᠭᠡ ᠬᠥᠰᠬᠡ ᠶᠢᠨ ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ᠂ ᠬᠤᠯᠠᠭᠠᠢ ᠳᠡᠭᠡᠷᠡᠮ ᠳᠤ ᠠᠯᠳᠠᠬᠤ ᠳᠠᠭᠠᠳᠬᠠᠯ ᠬᠤᠳᠠᠯᠳᠤᠨ ᠠᠪᠬᠤ ᠶᠢ ᠵᠣᠷᠢᠭᠵᠢᠭᠤᠯᠤᠨ᠂ ᠣᠶᠤᠨᠴᠢ ᠬᠠᠮᠢᠶᠠᠷᠤᠯᠲᠠ ᠶᠢᠨ ᠦᠵᠦᠭᠦᠷ ᠤᠨ ᠲᠥᠬᠦᠭᠡᠷᠦᠮᠵᠢ ᠶᠢ ᠤᠭᠰᠠᠷᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠫᠠᠶᠢᠰᠠ ᠡᠯᠭᠦᠬᠦ ᠠᠵᠢᠯ ᠤᠨ ᠥᠷᠨᠢᠯᠲᠡ ᠶᠢ ᠣᠯᠠᠨ ᠠᠷᠭ᠎ᠠ ᠵᠠᠮ ᠢᠶᠠᠷ ᠠᠬᠢᠭᠤᠯᠵᠤ᠂ ᠲᠡᠷᠭᠡ ᠬᠥᠰᠬᠡ ᠶᠢᠨ ᠥᠮᠴᠢᠯᠡᠭᠴᠢ ᠳᠤ ᠴᠢᠬᠤᠯᠠ ᠪᠥᠬᠦᠶ ᠬᠥᠮᠦᠨ ᠤ ᠪᠡᠶ᠎ᠡ ᠶᠢᠨ ᠪᠠ ᠡᠳ᠋ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢᠨ ᠪᠠᠲᠤᠯᠠᠭ᠎ᠠ ᠬᠠᠩᠭᠠᠨ᠎ᠠ᠃      ︵ᠭᠤᠷᠪᠠ︶ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠥᠮᠴᠢᠯᠡᠭᠴᠢ ᠨᠢ ᠵᠠᠷᠯᠠᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠬᠠᠪᠢ ᠶᠢᠨ ᠵᠠᠷᠴᠢᠮ ᠢ ᠵᠢᠷᠤᠮᠯᠠᠨ᠂ ᠰᠠᠭᠤᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠪᠦᠷᠢᠳᠬᠡᠨ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ᠭᠦᠶᠴᠡᠳᠬᠡᠬᠦ ᠳᠤ ᠢᠳᠡᠪᠬᠢᠲᠡᠶ ᠬᠠᠮᠵᠢᠯᠴᠠᠵᠤ᠂ ᠨᠣᠮᠧᠷ ᠤᠨ ᠫᠠᠶᠢᠰᠠ ᠶᠢ ᠠᠪᠬᠤ ᠪᠠ ᠤᠭᠰᠠᠷᠠᠬᠤ ᠬᠡᠷᠡᠭᠲᠡᠶ ᠃ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠬᠢᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠲᠡᠷᠭᠡ ᠬᠥᠰᠬᠡ ᠶᠢᠨ ᠲᠣᠭᠲᠠᠭᠠᠯ ᠶᠣᠰᠣᠭᠠᠷ ᠫᠠᠶᠢᠰᠠ ᠡᠯᠭᠦᠬᠦ ᠥᠬᠡᠶ ᠵᠢᠴᠢ ᠵᠢᠯᠣᠭᠤᠴᠢ ᠶᠢᠨ ᠠᠮᠤᠷ ᠲᠦᠪᠰᠢᠨ ᠤ ᠳᠤᠭᠤᠯᠠᠭ᠎ᠠ ᠵᠡᠭᠦᠬᠦ ᠥᠬᠡᠶ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠵᠤ᠂ ᠨᠡᠶᠢᠭᠡᠮ ᠤᠨ ᠠᠮᠤᠷ ᠲᠦᠪᠰᠢᠨ ᠪᠠ ᠵᠠᠮ ᠬᠠᠷᠢᠯᠴᠠᠭᠠᠨ ᠤ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠨ᠂ ︽ᠪᠥᠬᠦ ᠤᠯᠤᠰ ᠤᠨ ᠪᠣᠯᠪᠠᠰᠤᠨ ᠬᠤᠲᠠ︾ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠠᠮᠤᠷ ᠲᠦᠪᠰᠢᠨ ᠡᠮᠬᠢ ᠵᠢᠷᠤᠮ ᠲᠠᠢ᠂ ᠪᠣᠯᠪᠠᠰᠤᠨ ᠡᠶ᠎ᠡ ᠵᠣᠬᠢᠴᠠᠯ ᠲᠠᠢ ᠬᠤᠲᠠ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ  ᠬᠡᠷᠡᠭᠲᠡᠢ᠃      ᠡᠭᠦᠨ ᠳᠤ ᠣᠨᠴᠠᠭᠠᠶᠢᠯᠠᠨ ᠵᠠᠷᠯᠠᠪᠠ᠃                                                                    2022 ᠣᠨ ᠤ 6 ᠰᠠᠷ᠎ᠠ ᠶᠢᠨ 17
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2