ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠠᠷᠳᠠᠩ ᠶᠡᠭᠡ ᠵᠠᠮ ᠪᠠ ᠶᠢᠤ ᠢ ᠶᠡᠭᠡ ᠵᠠᠮ ᠤᠨ ᠠᠭᠤᠯᠵᠠᠷ ᠲᠠᠬᠢ ᠴᠠᠭᠠᠷᠢᠭ ᠠᠷᠠᠯ ᠤᠨ ᠡᠷᠬᠢᠨ ᠲᠣᠭᠤᠷᠢᠨ ᠤ ᠡᠪᠳᠡᠷᠡᠵᠦ ᠰᠦᠢᠳᠦᠭᠰᠡᠨ ᠵᠠᠮ ᠢ ᠵᠠᠰᠠᠨ ᠰᠡᠯᠪᠢᠪᠡ
ᠨᠡᠶᠢᠲᠡᠯᠡᠭᠰᠡᠨ ᠴᠠᠭ᠄
2022/6/22
    ᠣᠶᠢᠷ᠎ᠠ ᠳᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠣᠰ ᠬᠤᠰᠢᠭᠤᠨ ᠤ ᠳᠠᠷᠳᠠᠩ ᠶᠡᠭᠡ ᠵᠠᠮ ᠬᠢᠭᠡᠳ ᠶᠢᠤ ᠢ ᠶᠡᠭᠡ ᠵᠠᠮ ᠤᠨ ᠠᠭᠤᠯᠵᠠᠷ ᠲᠠᠬᠢ ᠴᠠᠭᠠᠷᠢᠭ ᠠᠷᠠᠯ ᠤᠨ ᠡᠪᠳᠡᠷᠡᠵᠦ ᠰᠦᠢᠳᠦᠭᠰᠡᠨ ᠵᠠᠮ ᠢ ᠨᠢᠭᠡ ᠭᠠᠷᠠᠭ ᠵᠠᠰᠠᠵᠤ ᠰᠡᠯᠪᠢᠵᠡᠢ᠃ ᠵᠠᠮ ᠤᠨ ᠭᠠᠳᠠᠷᠭᠤ ᠶᠢ ᠵᠠᠰᠠᠨ ᠰᠡᠯᠪᠢᠭᠰᠡᠨ ᠤ ᠳᠠᠷᠠᠭ᠎ᠠ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠶᠠᠪᠤᠵᠤ ᠰᠠᠭᠤᠬᠤ ᠲᠡᠷᠭᠡ ᠪᠣᠯᠣᠨ ᠶᠠᠪᠠᠭᠠᠨ ᠬᠥᠮᠥᠨ ᠳᠤ ᠲᠥᠬᠦᠮ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠲᠤᠰ ᠲᠣᠪᠴᠢᠶ᠎ᠠ ᠦᠷᠭᠦᠯᠵᠢᠯᠡᠨ ᠬᠠᠷᠢᠶ᠎ᠠ ᠣᠷᠣᠨ ᠤ ᠪᠠᠨ ᠳᠣᠲᠣᠷᠠᠬᠢ ᠵᠠᠮ ᠢ ᠲᠣᠭᠤᠷᠢᠨ ᠪᠠᠶᠢᠴᠠᠭᠠᠬᠤ ᠪᠠ ᠠᠷᠠᠴᠢᠯᠠᠨ ᠬᠠᠮᠠᠭᠠᠯᠠᠵᠤ᠂ ᠡᠯ᠎ᠡ ᠲᠦᠷᠦᠯ ᠤᠨ ᠵᠠᠮ ᠤᠨ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ ᠵᠠᠰᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠳᠠ ᠶᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ ᠃ ᠯᠢ ᠬᠠᠢ ᠯᠠᠨ ᠰᠡᠭᠦᠳᠡᠷᠯᠡᠪᠡ                 ᠤᠷᠴᠢᠭᠤᠯᠤᠭᠴᠢ᠄ ᠬᠦᠰᠡᠯ                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2