| 6 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ | ᠶᠢᠨ ᠴᠠᠭ ᠠᠭᠤᠷ ᠤᠨ ᠲᠣᠪᠴᠢᠶ᠎ᠠ ᠳᠤ ᠭᠦᠨᠵᠡᠭᠡᠶᠢᠷᠡᠨ ᠴᠠᠭ ᠠᠭᠤᠷ ᠤᠨ ᠦᠢᠯᠡᠴᠢᠯᠡᠭᠡ ᠪᠣᠯᠣᠨ ᠬᠥᠮᠥᠨ ᠤ | ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | | | | 6 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ | ᠶᠢᠨ ᠴᠠᠭ ᠠᠭᠤᠷ ᠤᠨ ᠲᠣᠪᠴᠢᠶ᠎ᠠ ᠳᠤ ᠭᠦᠨᠵᠡᠭᠡᠶᠢᠷᠡᠨ ᠴᠠᠭ ᠠᠭᠤᠷ ᠤᠨ ᠦᠢᠯᠡᠴᠢᠯᠡᠭᠡ ᠪᠣᠯᠣᠨ ᠬᠥᠮᠥᠨ ᠤ | ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠪᠠᠶᠢᠴᠠᠭᠠᠨ ᠰᠤᠳᠤᠯᠪᠠ᠃ ᠲᠠᠩ ᠰᠢᠤᠸᠠᠨ ᠪᠥᠸᠧ ᠰᠡᠭᠦᠳᠡᠷᠯᠡᠪᠡ | ᠰᠦᠢ ᠸᠧᠢ ᠵᠢᠶᠦ᠋ᠨ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠴᠠᠭ ᠠᠭᠤᠷ ᠤᠨ ᠠᠵᠢᠯ ᠳᠤ | ᠬᠠᠨᠳᠤᠵᠤ᠂ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠭᠰᠠᠨ ᠮᠡᠳᠡᠭᠡ ᠶᠢ ᠴᠢᠩᠭᠠᠳᠬᠠᠨ᠂ ᠬᠢᠨᠠᠨ | ᠬᠡᠮᠵᠢᠯᠲᠡ ᠶᠢᠨ ᠨᠠᠷᠢᠯᠢᠭ ᠣᠨᠣᠪᠴᠢᠲᠤ ᠴᠢᠨᠠᠷ ᠪᠠ ᠬᠤᠭᠤᠴᠠᠭᠠᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ | ᠮᠠᠭᠠᠳᠯᠠᠬᠤ ᠶᠢ ᠰᠠᠶᠢᠲᠤᠷ ᠬᠢᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠠᠬᠢ ᠨᠢᠭᠡᠳᠦᠯᠲᠡᠢ | ᠵᠢᠯᠣᠭᠤᠳᠤᠯᠭ᠎ᠠ ᠲᠣᠬᠢᠷᠠᠭᠤᠯᠤᠯᠲᠠ ᠪᠠᠨ ᠴᠢᠩᠭᠠᠳᠬᠠᠵᠤ᠂ ᠠᠯᠢᠪᠠ ᠠᠰᠢᠭᠲᠠᠢ ᠴᠠᠭ ᠲᠣᠬᠢᠶᠠᠯ ᠢ ᠠᠳᠬᠤᠨ᠂ | ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠷᠣᠭᠠᠨ ᠤ | ᠪᠦᠷᠬᠦᠴᠡ ᠶᠢᠨ ᠲᠠᠯᠠᠪᠠᠶ ᠶᠢ ᠪᠦᠲᠦᠮᠵᠢᠲᠡᠶ ᠥᠷᠭᠡᠳᠬᠡᠨ᠂ ᠭᠠᠩ ᠬᠠᠭᠰᠠᠷᠠᠭᠠᠨ ᠢ ᠨᠠᠮᠳᠠᠭᠤᠯᠵᠤ ᠬᠦᠷᠦᠰᠦ ᠰᠢᠷᠤᠢ | ᠶᠢᠨ ᠴᠢᠬᠢᠭ ᠢ ᠨᠡᠮᠡᠭᠳᠡᠭᠦᠯᠬᠦ ᠬᠡᠷᠡᠭᠲᠡᠢ᠃ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠡᠳ᠋ ᠪᠣᠳᠠᠰ ᠢ | ᠨᠥᠭᠡᠴᠡᠯᠡᠬᠦ ᠪᠠ ᠲᠤᠨᠤᠭ ᠲᠥᠬᠦᠭᠡᠷᠦᠮᠵᠢ ᠶᠢ ᠰᠢᠨᠡᠳᠬᠡᠬᠦ ᠠᠵᠢᠯ ᠢ ᠰᠠᠶᠢᠲᠤᠷ ᠬᠢᠬᠦ ᠬᠡᠷᠡᠭᠲᠡᠢ᠂ ᠡᠳ᠋ ᠪᠣᠳᠠᠰ ᠪᠠ | ᠲᠤᠨᠤᠭ ᠲᠥᠬᠦᠭᠡᠷᠦᠮᠵᠢ ᠬᠦᠷᠦᠯᠴᠡᠬᠦ ᠦᠭᠡᠢ ᠠᠴᠠ ᠪᠣᠯᠵᠤ ᠪᠣᠷᠣᠭᠠᠨ ᠣᠷᠣᠭᠤᠯᠬᠤ ᠴᠠᠭ ᠲᠣᠬᠢᠶᠠᠯ ᠢ ᠰᠠᠭᠠᠲᠠᠭᠠᠵᠤ | ᠶᠠᠭᠠᠬᠢᠭᠰᠠᠨ ᠴᠤ ᠪᠣᠯᠬᠤ ᠦᠭᠡᠢ᠃ 24 ᠴᠠᠭ ᠤᠨ ᠬᠥᠳᠡᠯᠦᠩᠭᠦᠢ ᠬᠢᠨᠠᠨ ᠬᠡᠮᠵᠢᠯᠲᠡ ᠶᠢ ᠬᠡᠷᠡᠭᠵᠢᠭᠦᠯᠵᠦ᠂ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠵᠠᠳᠠᠯᠤᠨ ᠰᠤᠳᠤᠯᠵᠤ ᠮᠠᠭᠠᠳᠯᠠᠬᠤ᠂ ᠴᠠᠭ ᠲᠣᠬᠢᠶᠠᠯ ᠢ | ᠵᠠᠪᠳᠤᠨ ᠠᠳᠬᠤᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠠᠭ ᠠᠭᠤᠷ ᠤᠨ ᠦᠢᠯᠡᠴᠢᠯᠡᠭᠡ ᠶᠢᠨ | ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ︽ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ︾ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠲᠠ ᠶᠢᠨ ᠤᠳᠤᠷᠢᠳᠤᠯᠭ᠎ᠠ ᠯᠢᠦ ᠭᠦᠸᠧ ᠭᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠵᠤᠬᠢᠶᠠᠭᠴᠢ᠄ ᠱᠣᠣ ᠮᠢᠨ ᠯᠢ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |