ᠤᠯᠠᠭᠠᠨᠴᠠᠪ ᠵᠠᠰᠠᠭ ᠲᠠᠷᠬᠠᠭᠠᠭᠰᠠᠨ ﹇2022﹈ 64 ᠳ᠋ᠦ᠋ᠭᠡᠷ ᠲᠤᠭᠠᠲᠦ | | ︽ᠤᠯᠠᠭᠠᠨᠴᠠᠪ ᠬᠤᠲᠠ ᠶᠢᠨ ᠭᠠᠳᠠᠭᠠᠳᠤ ᠠᠷᠠᠯᠵᠢᠶ᠎ᠠ ᠪᠠ ᠪᠠᠷᠠᠭᠠᠨ ᠤ ᠭᠦᠶᠯᠭᠡᠭᠡᠨ ᠤ ᠠᠵᠤ ᠦᠶᠯᠡᠰ ᠤᠨ | ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠨᠤᠭᠤᠳ ︵ᠲᠤᠷᠰᠢᠨ ᠬᠡᠷᠡᠭᠵᠢᠭᠦᠯᠬᠦ︶︾ | ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠳᠤ᠄ | ︽ᠤᠯᠠᠭᠠᠨᠴᠠᠪ ᠬᠤᠲᠠ ᠶᠢᠨ ᠭᠠᠳᠠᠭᠠᠳᠤ ᠠᠷᠠᠯᠵᠢᠶ᠎ᠠ ᠪᠠ ᠪᠠᠷᠠᠭᠠᠨ ᠤ ᠭᠦᠶᠯᠭᠡᠭᠡᠨ ᠤ ᠠᠵᠤ ᠦᠶᠯᠡᠰ ᠤᠨ | ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠨᠤᠭᠤᠳ ︵ᠲᠤᠷᠰᠢᠨ ᠬᠡᠷᠡᠭᠵᠢᠭᠦᠯᠬᠦ︶︾ | ᠢ ᠬᠤᠲᠠ ᠶᠢᠨ ᠨᠠᠮ ᠤᠨ ᠬᠤᠷᠢᠶ᠎ᠠ ᠶᠢᠨ 2022 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ | ᠭᠡᠰᠢᠭᠦᠳ ᠤᠨ ᠬᠤᠷᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ 8 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠤᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | 2022 ᠣᠨ ᠤ 5 ᠰᠠᠷ᠎ᠠ ᠶᠢᠨ 13 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | | | | ᠤᠯᠠᠭᠠᠨᠴᠠᠪ ᠬᠤᠲᠠ ᠶᠢᠨ ᠭᠠᠳᠠᠭᠠᠳᠤ ᠠᠷᠠᠯᠵᠢᠶ᠎ᠠ ᠪᠠ ᠪᠠᠷᠠᠭᠠᠨ ᠤ ᠭᠦᠶᠯᠭᠡᠭᠡᠨ ᠤ ᠠᠵᠤ ᠦᠶᠯᠡᠰ ᠤᠨ | ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠨᠤᠭᠤᠳ ︵ᠲᠤᠷᠰᠢᠨ ᠬᠡᠷᠡᠭᠵᠢᠭᠦᠯᠬᠦ︶ | | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠶᠡᠷᠦᠩᠬᠡᠶ | ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ᠂ ᠤᠯᠠᠭᠠᠨᠴᠠᠪ ᠬᠤᠲᠠ ᠶᠢᠨ ︽ᠤᠯᠤᠰ ᠤᠨ ᠪᠠᠷᠠᠭᠠᠨ ᠤ ᠭᠦᠶᠯᠭᠡᠭᠡᠨ ᠤ ᠬᠦᠶᠰᠦ | ︾ ᠶᠢ ᠪᠥᠲᠥᠭᠡᠨ ᠪᠠᠶᠢᠭᠤᠯᠬᠤ ᠬᠠᠷᠠᠯᠲᠠ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠪᠠᠷᠠᠭᠠᠨ ᠤ | ᠭᠦᠶᠯᠭᠡᠭᠡᠨ ᠤ ᠬᠦᠶᠰᠦ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠥᠷᠥᠴᠡ ᠭᠠᠵᠠᠷ ᠢ ᠨᠢᠭᠡ | ᠴᠤᠭᠴᠠᠵᠢᠭᠤᠯᠤᠨ ᠬᠥᠭᠵᠢᠭᠦᠯᠬᠦ ᠶᠢ ᠴᠢᠷᠮᠠᠶᠢᠨ ᠠᠬᠢᠭᠤᠯᠵᠤ᠂ ᠭᠠᠳᠠᠭᠠᠳᠤ ᠠᠷᠠᠯᠵᠢᠶ᠎ᠠ ᠪᠠ ᠪᠠᠷᠠᠭᠠᠨ ᠤ ᠭᠦᠶᠯᠭᠡᠭᠡᠨ ᠤ | ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠪᠠᠷ ᠲᠣᠰ ᠲᠥᠷᠥ ᠶᠢᠨ ᠪᠣᠳᠣᠯᠭ᠎ᠠ ᠶᠢ | ᠣᠨᠴᠠᠭᠠᠶᠢᠯᠠᠨ ᠲᠣᠭᠲᠠᠭᠠᠪᠠ᠃ | ᠨᠢᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠠᠵᠤ ᠠᠬᠤᠶᠢᠯᠠᠯ ᠤᠨ | ᠪᠤᠵᠠᠭᠠᠶᠢᠷᠠᠨ ᠬᠦᠴᠦᠷᠬᠡᠭᠵᠢᠬᠦ ᠶᠢ ᠲᠡᠮᠵᠢᠨ᠎ᠡ᠃ ᠤᠯᠠᠭᠠᠨᠴᠠᠪ ᠬᠤᠲᠠ ᠳᠤ ᠳᠠᠩᠰᠠᠯᠠᠭᠤᠯᠬᠤ ᠶᠢᠨ ᠬᠠᠮᠲᠤ ᠳ᠋ᠦᠩᠨᠡᠨ | ᠪᠤᠳᠤᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠳᠠᠲᠠᠶ ᠠᠮᠵᠢᠯᠲᠠ ᠪᠦᠲᠦᠮᠵᠢ ᠶᠢ ᠦᠨᠳᠦᠰᠦᠯᠡᠨ | ᠲᠡᠳᠬᠦᠨ ᠳᠡᠮᠵᠢᠨ᠎ᠡ᠃ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠨᠢ | 500 ᠲᠦᠮᠡᠨ ᠳ᠋ᠣᠯᠯᠠᠷ ︵ᠪᠠᠭᠲᠠᠨ᠎ᠠ︶ ᠠᠴᠠ 1000 ᠲᠦᠮᠡᠨ ᠳ᠋ᠣᠯᠯᠠᠷ ᠲᠤ ᠬᠦᠷᠪᠡᠯ᠂ 20 ᠲᠦᠮᠡᠨ | ᠲᠥᠭᠦᠷᠢᠭ ᠤᠨ ᠲᠡᠳᠬᠦᠮᠵᠢ ᠣᠯᠭᠤᠨ᠎ᠠ︔ 1000 ᠲᠦᠮᠡᠨ ᠳ᠋ᠣᠯᠯᠠᠷ ᠠᠴᠠ ᠳᠡᠭᠡᠭᠰᠢ 5000 ᠲᠦᠮᠡᠨ | ᠳ᠋ᠣᠯᠯᠠᠷ ᠲᠤ ᠬᠦᠷᠪᠡᠯ᠂ 50 ᠲᠦᠮᠡᠨ ᠲᠥᠭᠦᠷᠢᠭ ᠤᠨ ᠲᠡᠳᠬᠦᠮᠵᠢ ᠣᠯᠭᠤᠨ᠎ᠠ︔ 5000 ᠲᠦᠮᠡᠨ ᠳ᠋ᠣᠯᠯᠠᠷ ᠠᠴᠠ | ᠳᠡᠭᠡᠭᠰᠢ ᠬᠡᠮᠵᠢᠶᠡᠨ ᠳᠤ ᠬᠦᠷᠪᠡᠯ᠂ 300 ᠲᠦᠮᠡᠨ ᠲᠥᠭᠦᠷᠢᠭ ᠤᠨ ᠲᠡᠳᠬᠦᠮᠵᠢ ᠣᠯᠭᠤᠨ᠎ᠠ᠃ ᠤᠯᠠᠭᠠᠨᠴᠠᠪ · | ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠶᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠭᠠᠶᠢᠯᠢ | ᠪᠠᠲᠤᠯᠠᠬᠤ ᠪᠠᠷᠠᠭᠠᠨ ᠤ ᠭᠦᠶᠯᠭᠡᠭᠡᠨ ᠤ ᠲᠥᠪ ︵B ᠬᠡᠯᠪᠡᠷᠢ︶ ᠤᠨ ᠳᠣᠲᠣᠷ᠎ᠠ ᠭᠦᠶᠯᠭᠡᠭᠡᠨ ᠤ ᠴᠢᠨᠠᠷᠲᠠᠶ ᠲᠥᠬᠦᠮ | ᠡᠳ᠋ᠰᠢᠭᠦᠯᠭᠡ ᠬᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠲᠤᠬᠠᠶᠢᠯᠠᠭᠰᠠᠨ | ᠠᠵᠢᠯ ᠢ ᠥᠷᠨᠢᠭᠦᠯᠵᠦ ᠪᠠᠶᠢᠭ᠎ᠠ ᠠᠵᠤ ᠠᠬᠤᠶᠢᠯᠠᠯ ᠳᠤ᠂ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠠᠴᠠ | ᠭᠠᠳᠠᠨ᠎ᠠ ᠪᠠᠰᠠ ᠳᠣᠤᠷᠠᠬᠢ ᠮᠡᠲᠦ ᠲᠡᠳᠬᠦᠮᠵᠢ ᠦᠵᠡᠭᠦᠯᠦᠨ᠎ᠡ᠄ ᠭᠠᠳᠠᠭᠠᠳᠤ ᠠᠴᠠ ᠣᠷᠣᠭᠤᠯᠬᠤ ᠲᠤᠭ᠎ᠠ ᠶᠢ 1000 | ᠲᠦᠮᠡᠨ ᠳ᠋ᠣᠯᠯᠠᠷ ︵ᠪᠠᠭᠲᠠᠨ᠎ᠠ︶ ᠠᠴᠠ 5000 ᠲᠦᠮᠡᠨ ᠳ᠋ᠣᠯᠯᠠᠷ ᠲᠤ ᠬᠦᠷᠪᠡᠯ᠂ 40 ᠲᠦᠮᠡᠨ ᠲᠥᠭᠦᠷᠢᠭ ᠤᠨ | ᠲᠡᠳᠬᠦᠮᠵᠢ ᠣᠯᠭᠤᠨ᠎ᠠ︔ 5000 ᠲᠦᠮᠡᠨ ᠳ᠋ᠣᠯᠯᠠᠷ ᠠᠴᠠ ᠳᠡᠭᠡᠭᠰᠢ ᠬᠡᠮᠵᠢᠶᠡᠨ ᠳᠤ ᠬᠦᠷᠪᠡᠯ᠂ 200 ᠲᠦᠮᠡᠨ | ᠲᠥᠭᠦᠷᠢᠭ ᠤᠨ ᠲᠡᠳᠬᠦᠮᠵᠢ ᠣᠯᠭᠤᠨ᠎ᠠ᠃ ᠲᠣᠰ ᠵᠦᠶᠯ ᠢ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ︵ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠠᠴᠠ ᠨᠢᠭᠡ ᠯᠡ ᠴᠣᠩᠬᠤᠪᠴᠢ ᠪᠠᠷ ᠭᠥᠯᠢᠶᠡᠨ ᠠᠪᠴᠤ ᠬᠢᠨᠠᠨ | ᠬᠠᠷᠭᠤᠭᠤᠯᠬᠤ ᠶᠢ ᠬᠠᠷᠢᠭᠤᠴᠠᠵᠤ᠂ ᠵᠢᠨᠢᠩ ᠪᠣᠭᠤᠮᠲᠠ ᠲᠤᠭ᠎ᠠ ᠪᠠᠷᠢᠮᠲᠠ ᠶᠢ ᠬᠢᠨᠠᠨ ᠵᠥᠪᠰᠢᠶᠡᠷᠡᠬᠦ ᠳᠤ ᠬᠠᠮᠵᠢᠯᠴᠠᠨ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠪᠠᠯᠠ ᠮᠥᠩᠭᠦ ᠰᠠᠯᠭᠠᠨ ᠥᠭᠬᠦ ᠶᠢ ᠬᠠᠷᠢᠭᠤᠴᠠᠵᠤ᠂ ᠲᠡᠳᠬᠦᠨ | ᠳᠡᠮᠵᠢᠬᠦ ᠪᠠᠯᠠ ᠮᠥᠩᠭᠦ ᠶᠢ ᠬᠤᠲᠠ ᠶᠢᠨ ᠲᠣᠰ ᠱᠠᠲᠤᠨ ᠤ ᠬᠢᠨ ᠡᠭᠦᠷᠭᠡᠯᠡᠨ᠎ᠡ᠃ | ᠬᠤᠶᠠᠷ᠂ ᠭᠠᠳᠠᠭᠠᠲᠦ ᠭᠠᠷᠭᠠᠯᠲᠠ ᠶᠢᠨ ᠪᠤᠴᠠᠭᠠᠬᠤ ᠭᠠᠶᠢᠯᠢ ᠶᠢᠨ ᠡᠷᠭᠢᠯᠲᠡ ᠶᠢᠨ ᠮᠥᠩᠭᠦ ᠶᠢ ᠬᠠᠩᠭᠠᠨ᠎ᠠ᠃ | ᠤᠯᠠᠭᠠᠨᠴᠠᠪ ᠬᠤᠲᠠ ᠳᠤ ᠳᠠᠩᠰᠠᠯᠠᠭᠤᠯᠤᠭᠰᠠᠨ ᠪᠥᠭᠡᠳ ᠪᠤᠴᠠᠭᠠᠬᠤ ᠭᠠᠶᠢᠯᠢ ᠶᠢᠨ ᠨᠥᠬᠦᠴᠡᠯ ᠳᠤ ᠨᠡᠶᠢᠴᠡᠬᠦ ᠠᠵᠤ | ᠠᠬᠤᠶᠢᠯᠠᠯ ᠨᠢ᠂ ᠬᠠᠷᠠᠭᠠᠯᠵᠠᠭᠰᠠᠨ ᠪᠣᠭᠤᠮᠲᠠ ᠳᠤ ᠮᠡᠳᠡᠭᠦᠯᠬᠦ ᠬᠠᠭᠤᠳᠠᠰᠤ᠂ ᠭᠡᠷ᠎ᠡ᠂ ᠬᠤᠳᠠᠯᠳᠤᠭᠠᠨ ᠤ ᠪᠠᠷᠢᠮᠲᠠ | ᠵᠡᠷᠭᠡ ᠪᠠᠷ ᠪᠤᠴᠠᠭᠠᠬᠤ ᠭᠠᠶᠢᠯᠢ ᠶᠢᠨ ᠲᠤᠭ᠎ᠠ ᠶᠢᠨ 70% ᠶᠢ ᠡᠷᠭᠢᠯᠲᠡ ᠶᠢᠨ ᠮᠥᠩᠭᠦ ᠪᠣᠯᠭᠠᠬᠤ ᠪᠠᠷ ᠭᠤᠶᠤᠴᠢᠯᠠᠵᠤ | ᠪᠤᠯᠤᠨ᠎ᠠ᠂ ᠪᠤᠴᠠᠭᠠᠬᠤ ᠭᠠᠶᠢᠯᠢ ᠶᠢ ᠪᠠᠭᠤᠯᠭᠠᠭᠰᠠᠨ ᠤ ᠳᠠᠷᠠᠭ᠎ᠠ ᠡᠷᠭᠢᠯᠲᠡ ᠶᠢᠨ ᠮᠥᠩᠭᠦ ᠶᠢ ᠪᠤᠴᠠᠭᠠᠨ᠎ᠠ᠃ | ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠠᠴᠠ ᠪᠠᠯᠠ | ᠮᠥᠩᠭᠦ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠬᠤᠷᠰᠢᠭᠰᠠᠨ ᠪᠠᠩᠬᠢ ᠳᠤ ᠨᠠᠶᠢᠳᠠᠵᠤ ᠲᠤᠰᠬᠠᠶ ᠲᠠᠩᠰᠠ | ᠪᠠᠶᠢᠭᠤᠯᠤᠨ ᠬᠢᠨᠠᠯᠲᠠ ᠲᠠᠯᠪᠢᠵᠤ ᠬᠠᠮᠢᠶᠠᠷᠬᠤ ᠪᠠ ᠭᠥᠯᠢᠶᠡᠨ ᠠᠪᠴᠤ ᠰᠢᠶᠳᠪᠦᠷᠢᠯᠡᠬᠦ ᠶᠢ ᠳᠠᠭᠠᠭᠠᠨ ᠭᠦᠶᠴᠡᠳᠬᠡᠵᠦ᠂ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠪᠤᠴᠠᠭᠠᠬᠤ ᠭᠠᠶᠢᠯᠢ ᠶᠢᠨ ᠬᠠᠮᠢᠶ᠎ᠠ ᠪᠥᠬᠦᠶ ᠲᠤᠭ᠎ᠠ | ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠳᠤ ᠬᠠᠮᠵᠢᠯᠴᠠᠵᠤ᠂ ᠡᠷᠭᠢᠯᠲᠡ ᠶᠢᠨ ᠮᠥᠩᠭᠦ ᠶᠢ ᠬᠤᠲᠠ ᠶᠢᠨ ᠡᠳ᠋ ᠤᠨ | ᠵᠠᠰᠠᠭ ᠠᠴᠠ ᠨᠢᠭᠡᠳᠦᠯᠲᠡᠶ ᠲᠥᠯᠥᠪᠵᠢᠭᠦᠯᠦᠨ ᠳᠣᠭᠢᠷᠠᠭᠤᠯᠤᠨ᠎ᠠ᠃ | ᠭᠤᠷᠪᠠ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠠᠮᠤ ᠪᠤᠳᠠᠭ᠎ᠠ᠂ ᠮᠣᠳᠣᠨ ᠮᠠᠲ᠋ᠧᠷᠢᠶᠠᠯ ᠢ | ᠪᠣᠳᠠᠲᠠᠶᠢᠵᠢᠭᠤᠯᠤᠨ ᠪᠣᠯᠪᠠᠰᠤᠷᠠᠭᠤᠯᠬᠤ ᠶᠢ ᠵᠣᠷᠢᠭᠵᠢᠭᠤᠯᠤᠨ᠎ᠠ᠃ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ | ᠂ ᠮᠣᠳᠣᠨ ᠮᠠᠲ᠋ᠧᠷᠢᠶᠠᠯ ᠢ ᠤᠯᠠᠭᠠᠨᠴᠠᠪ ᠬᠤᠲᠠ ᠳᠤ ᠪᠣᠳᠠᠲᠠᠶᠢᠵᠢᠭᠤᠯᠤᠨ ᠡᠳ᠋ᠰᠢᠭᠦᠯᠬᠦ ᠦᠶᠯᠡᠳᠪᠦᠷᠢᠯᠡᠯ ᠤᠨ | ᠴᠢᠳᠠᠪᠤᠷᠢ ᠲᠠᠢ ᠪᠣᠯᠭᠠᠭᠰᠠᠨ ᠠᠵᠤ ᠠᠬᠤᠶᠢᠯᠠᠯ ᠳᠤ᠂ ᠪᠠᠷᠢᠮᠵᠢᠶᠠᠲᠤ ᠬᠠᠶᠢᠷᠴᠠᠭ ᠪᠦᠷᠢ ᠳᠤ ︵40 ᠲᠣᠬᠤᠶ ᠶᠢᠨ | ᠬᠠᠶᠢᠷᠴᠠᠭ ᠢᠶᠠᠷ ᠪᠤᠳᠤᠨ᠎ᠠ︶ 7000 ᠲᠥᠭᠦᠷᠢᠭ ᠤᠨ ᠲᠡᠳᠬᠦᠮᠵᠢ ᠣᠯᠭᠤᠨ᠎ᠠ᠃ ᠵᠠᠷᠴᠢᠮ ᠳᠡᠭᠡᠷ᠎ᠡ ᠪᠠᠨ | ᠤᠯᠠᠷᠢᠯ ᠢᠶᠠᠷ ᠲᠣᠭᠠᠴᠠᠭ᠎ᠠ ᠬᠢᠵᠦ ᠣᠯᠭᠤᠨ᠎ᠠ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ︵ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠠᠴᠠ ᠨᠢᠭᠡ ᠯᠡ ᠴᠣᠩᠬᠤᠪᠴᠢ ᠪᠠᠷ ᠭᠥᠯᠢᠶᠡᠨ ᠠᠪᠴᠤ ᠬᠢᠨᠠᠨ | ᠬᠠᠷᠭᠤᠭᠤᠯᠬᠤ ᠶᠢ ᠬᠠᠷᠢᠭᠤᠴᠠᠵᠤ᠂ ᠵᠢᠨᠢᠩ ᠪᠣᠭᠤᠮᠲᠠ ᠨᠢ ᠲᠤᠭ᠎ᠠ ᠪᠠᠷᠢᠮᠲᠠ ᠶᠢ ᠬᠢᠨᠠᠨ ᠵᠥᠪᠰᠢᠶᠡᠷᠡᠬᠦ ᠳᠤ | ᠬᠠᠮᠵᠢᠯᠴᠠᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠪᠠᠯᠠ ᠮᠥᠩᠭᠦ ᠰᠠᠯᠭᠠᠨ ᠥᠭᠬᠦ ᠶᠢ | ᠬᠠᠷᠢᠭᠤᠴᠠᠵᠤ᠂ ᠲᠡᠳᠬᠦᠨ ᠳᠡᠮᠵᠢᠬᠦ ᠪᠠᠯᠠ ᠮᠥᠩᠭᠦ ᠶᠢ ᠬᠤᠲᠠ ᠶᠢᠨ ᠲᠣᠰ ᠱᠠᠲᠤᠨ ᠠᠴᠠ ᠡᠭᠦᠷᠭᠡᠯᠡᠨ᠎ᠡ᠃ | ᠳᠥᠷᠪᠡ᠂ B ᠪᠠᠲᠤᠯᠠᠭ᠎ᠠ ᠶᠢᠨ ᠲᠥᠪ ᠤᠨ ᠦᠶᠯᠡᠴᠢᠯᠡᠭᠡᠨ ᠤ ᠠᠷᠠᠯᠵᠢᠶ᠎ᠠ ᠥᠷᠨᠢᠭᠦᠯᠬᠦ ᠶᠢ ᠵᠣᠷᠢᠭᠵᠢᠭᠤᠯᠤᠨ᠎ᠠ | ᠃ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠶᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ | ᠲᠣᠭᠤᠷᠢᠭ ᠤᠨ B ᠪᠠᠲᠤᠯᠠᠭ᠎ᠠ ᠶᠢᠨ ᠳᠣᠲᠣᠷ᠎ᠠ ᠳᠠᠩᠰᠠᠯᠠᠭᠤᠯᠤᠭᠰᠠᠨ ᠪᠥᠭᠡᠳ B ᠪᠠᠲᠤᠯᠠᠭ᠎ᠠ ᠶᠢᠨ ᠳᠣᠲᠣᠷ᠎ᠠ | ᠲᠤᠬᠠᠶᠢᠯᠠᠭᠰᠠᠨ ᠠᠵᠢᠯ ᠤᠨ ᠠᠵᠤ ᠠᠬᠤᠶᠢᠯᠠᠯ ᠥᠷᠨᠢᠭᠦᠯᠬᠦ ᠳᠤ ᠦᠶᠯᠡᠴᠢᠯᠡᠭᠰᠡᠨ ᠦᠶᠯᠡᠴᠢᠯᠡᠭᠡᠨ ᠤ ᠠᠷᠠᠯᠵᠢᠶ᠎ᠠ ᠶᠢᠨ | ᠠᠵᠤ ᠠᠬᠤᠶᠢᠯᠠᠯ ᠢ ᠲᠡᠳᠬᠦᠨ ᠳᠡᠮᠵᠢᠵᠦ᠂ ᠠᠩᠬᠠᠨ ᠤ ᠵᠢᠯ ᠳᠤ ᠰᠢᠨ᠎ᠡ ᠪᠠᠷ ᠨᠡᠮᠡᠭᠳᠡᠭᠰᠡᠨ ᠦᠶᠯᠡᠴᠢᠯᠡᠭᠡᠨ ᠤ ᠠᠵᠤ | ᠠᠬᠤᠶᠢᠯᠠᠯ ᠤᠨ ᠲᠤᠭ᠎ᠠ ᠬᠡᠮᠵᠢᠶ᠎ᠡ ᠨᠢ 10 ᠠᠴᠠ ᠳᠡᠭᠡᠭᠰᠢ ᠳᠤ ᠬᠦᠷᠦᠭᠰᠡᠨ ᠪᠥᠭᠡᠳ ᠰᠢᠨ᠎ᠡ ᠪᠠᠷ ᠨᠡᠮᠡᠭᠳᠡᠭᠦᠯᠦᠭᠰᠡᠨ | ᠭᠠᠳᠠᠭᠠᠳᠤ ᠭᠠᠷᠭᠠᠯᠲᠠ ᠶᠢᠨ ᠲᠤᠭ᠎ᠠ ᠬᠡᠮᠵᠢᠶ᠎ᠡ ᠨᠢ 2000 ᠲᠦᠮᠡᠨ ᠳ᠋ᠣᠯᠯᠠᠷ ᠠᠴᠠ ᠳᠡᠭᠡᠭᠰᠢ ᠳᠤ ᠬᠦᠷᠦᠭᠰᠡᠨ | ᠪᠠᠶᠢᠪᠠᠯ᠂ ᠦᠨᠡᠮᠰᠢᠭᠰᠡᠨ ᠤ ᠳᠠᠷᠠᠭ᠎ᠠ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠲᠡᠳᠬᠦᠮᠵᠢ | ᠣᠯᠭᠤᠨ᠎ᠠ᠃ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ᠠᠴᠠ ᠨᠢᠭᠡ ᠯᠡ ᠴᠣᠩᠬᠤᠪᠴᠢ ᠪᠠᠷ ᠭᠥᠯᠢᠶᠡᠨ ᠠᠪᠴᠤ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠵᠢᠨᠢᠩ | ᠪᠣᠭᠤᠮᠲᠠ ᠨᠢ ᠲᠤᠭ᠎ᠠ ᠪᠠᠷᠢᠮᠲᠠ ᠶᠢ ᠬᠢᠨᠠᠨ ᠵᠥᠪᠰᠢᠶᠡᠷᠡᠬᠦ ᠳᠤ ᠬᠠᠮᠵᠢᠯᠴᠠᠨ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠨᠢ ᠪᠠᠯᠠ ᠮᠥᠩᠭᠦ ᠶᠢ ᠬᠠᠷᠢᠭᠤᠴᠠᠵᠤ᠂ ᠲᠡᠳᠬᠦᠨ ᠳᠡᠮᠵᠢᠬᠦ ᠪᠠᠯᠠ ᠮᠥᠩᠭᠦ ᠶᠢ ᠬᠤᠲᠠ ᠶᠢᠨ ᠲᠣᠰ | ᠱᠠᠲᠤᠨ ᠠᠴᠠ ᠡᠭᠦᠷᠭᠡᠯᠡᠨ᠎ᠡ᠃ | ᠲᠠᠪᠤ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠬᠥᠭᠵᠢᠯᠲᠡ ᠶᠢ ᠳᠡᠮᠵᠢᠨ᠎ᠡ᠃ ᠠᠵᠤ ᠠᠬᠤᠶᠢᠯᠠᠯ | ᠪᠡᠶ᠎ᠡ ᠪᠠᠨ ᠳᠠᠭᠠᠭᠠᠨ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠶᠯᠭᠡᠭᠡᠨ ᠤ ᠵᠠᠩᠭᠢᠯᠠᠭ᠎ᠠ ᠶᠢᠨ | ᠬᠦᠷᠢᠶᠡᠯᠡᠩ ᠲᠣᠭᠤᠷᠢᠭ ᠲᠤ ᠰᠢᠨ᠎ᠡ ᠪᠠᠷ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠲᠥᠷᠥᠯ ᠵᠦᠶᠯ | ᠪᠠᠶᠢᠭᠤᠯᠵᠤ᠂ ᠬᠦᠢᠲᠡᠨ ᠬᠡᠯᠬᠢᠶ᠎ᠠ ᠶᠢᠨ ᠬᠥᠯᠳᠡᠭᠡᠬᠦ ᠬᠡᠰᠡᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠲᠡᠭᠦᠨ ᠤ ᠪᠣᠳᠠᠲᠠᠶ ᠪᠠᠯᠠ | ᠣᠷᠣᠭᠤᠯᠤᠯᠲᠠ ᠶᠢᠨ ᠲᠤᠭ᠎ᠠ ᠶᠢᠨ 5% ᠪᠠᠷ ᠲᠡᠳᠬᠦᠨ ᠳᠡᠮᠵᠢᠵᠦ᠂ ᠲᠠᠩ ᠭᠠᠭᠴᠠ ᠲᠥᠷᠥᠯ ᠵᠦᠶᠯ ᠤᠨ | ᠬᠠᠮᠤᠭ ᠤᠨ ᠥᠨᠳᠥᠷ ᠲᠡᠳᠬᠦᠬᠦ ᠵᠣᠭᠤᠰ ᠤᠨ ᠲᠤᠭ᠎ᠠ ᠨᠢ 300 ᠲᠦᠮᠡᠨ ᠲᠥᠭᠦᠷᠢᠭ ᠠᠴᠠ ᠬᠡᠲᠦᠷᠡᠬᠦ ᠥᠬᠡᠶ᠃ | ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠠᠴᠠ ᠨᠢᠭᠡ | ᠯᠡ ᠴᠣᠩᠬᠤᠪᠴᠢ ᠪᠠᠷ ᠭᠥᠯᠢᠶᠡᠨ ᠠᠪᠴᠤ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠠᠴᠠ ᠪᠠᠯᠠ ᠮᠥᠩᠭᠦ ᠰᠠᠯᠭᠠᠨ ᠥᠭᠬᠦ ᠶᠢ ᠬᠠᠷᠢᠭᠤᠴᠠᠵᠤ᠂ ᠲᠡᠳᠬᠦᠨ ᠳᠡᠮᠵᠢᠬᠦ ᠪᠠᠯᠠ | ᠮᠥᠩᠭᠦ ᠶᠢ ᠬᠤᠲᠠ ᠶᠢᠨ ᠲᠣᠰ ᠱᠠᠲᠤᠨ ᠤ ᠬᠢᠨ ᠡᠭᠦᠷᠭᠡᠯᠡᠨ᠎ᠡ᠃ | ᠵᠢᠷᠭᠤᠭ᠎ᠠ᠂ ᠠᠵᠤ ᠠᠬᠤᠶᠢᠯᠠᠯ ᠤᠨ ᠬᠥᠮᠥᠷᠭᠡᠯᠡᠨ ᠬᠠᠳᠠᠭᠠᠯᠠᠬᠤ᠂ ᠦᠢᠯᠡᠳᠪᠦᠷᠢ ᠶᠢᠨ ᠭᠡᠷ ᠪᠠᠶᠢᠰᠢᠩ ᠤᠨ | ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠡᠳᠬᠦᠨ᠎ᠡ᠃ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ | ᠪᠠᠷᠠᠭᠠᠨ ᠤ ᠭᠦᠶᠯᠭᠡᠭᠡᠨ ᠤ ᠬᠦᠶᠰᠦ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠳᠤ᠂ | ᠵᠠᠰᠠᠭ ᠤᠨ ᠣᠷᠳᠣᠨ ᠠᠴᠠ ᠬᠥᠮᠥᠷᠭᠡᠯᠡᠨ ᠬᠠᠳᠠᠭᠠᠯᠠᠬᠤ᠂ ᠦᠶᠯᠡᠳᠪᠦᠷᠢ ᠶᠢᠨ ᠬᠡᠷ ᠪᠠᠶᠢᠰᠢᠩ ᠤᠨ ᠪᠡᠯᠡᠳᠬᠡᠮᠵᠢ ᠶᠢ | ᠣᠷᠣᠯᠠᠨ ᠪᠠᠶᠢᠭᠤᠯᠬᠤ ᠴᠢᠬᠤᠯᠠᠲᠠᠶ ᠪᠣᠯ᠂ ᠬᠤᠶᠠᠷ ᠲᠠᠯ᠎ᠠ ᠪᠠᠷ ᠢᠶᠠᠨ ︽ᠲᠦᠷᠢᠶᠡᠰᠦᠯᠡᠬᠦ ᠪᠠ ᠪᠣᠷᠣᠯᠠᠭᠤᠯᠬᠤ ᠶᠢ | ᠤᠶᠠᠯᠳᠤᠭᠤᠯᠬᠤ︾ ︽ᠬᠤᠭᠤᠴᠠᠭ᠎ᠠ ᠬᠤᠪᠢᠶᠠᠨ ᠪᠤᠴᠠᠭᠠᠨ ᠬᠤᠳᠠᠯᠳᠤᠨ ᠠᠪᠬᠤ︾ ᠠᠷᠭ᠎ᠠ ᠮᠠᠶ᠋ᠢᠭ ᠢᠶᠠᠷ | ᠬᠠᠮᠲᠤᠷᠠᠯᠴᠠᠵᠤ ᠪᠣᠯᠤᠨ᠎ᠠ᠂ ᠲᠦᠷᠢᠶᠡᠰᠦᠯᠡᠬᠦ ᠬᠤᠭᠤᠴᠠᠭ᠎ᠠ ᠨᠢ 3-5 ᠵᠢᠯ︔ ᠠᠵᠤ ᠠᠬᠤᠶᠢᠯᠠᠯ ᠤᠳ ᠪᠡᠶ᠎ᠡ ᠪᠠᠨ | ᠳᠠᠭᠠᠭᠠᠵᠤ 3000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠬᠥᠮᠥᠷᠭᠡᠯᠡᠨ ᠬᠠᠳᠠᠭᠠᠯᠠᠬᠤ᠂ | ᠦᠶᠯᠡᠳᠪᠦᠷᠢ ᠶᠢᠨ ᠬᠡᠷ ᠪᠠᠶᠢᠰᠢᠩ ᠤᠨ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠳᠤ᠂ ᠠᠵᠤ ᠠᠬᠤᠶᠢᠯᠠᠯ ᠤᠨ | ᠪᠣᠳᠠᠲᠠᠶ ᠪᠠᠷᠢᠯᠭ᠎ᠠ ᠶᠢᠨ ᠲᠠᠯᠠᠪᠠᠶ ᠶᠢ ᠦᠨᠳᠦᠰᠦᠯᠡᠨ ᠲᠡᠭᠰᠢ ᠳᠥᠷᠪᠡᠯᠵᠢᠨ ᠮᠧᠲᠷ ᠪᠦᠷᠢ 500 ᠲᠥᠭᠦᠷᠢᠭ ᠤᠨ | ᠲᠡᠳᠬᠦᠮᠵᠢ ᠣᠯᠭᠤᠵᠤ᠂ ᠬᠠᠮᠤᠭ ᠤᠨ ᠥᠨᠳᠥᠷ ᠲᠡᠳᠬᠦᠬᠦ ᠪᠠᠯᠠ ᠮᠥᠩᠭᠦ ᠶᠢ 300 ᠲᠦᠮᠡᠨ ᠲᠥᠭᠦᠷᠢᠭ ᠠᠴᠠ | ᠳᠠᠪᠠᠭᠤᠯᠬᠤ ᠥᠬᠡᠶ᠃ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︶ ᠠᠴᠠ ᠨᠢᠭᠡ ᠯᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠶᠢ ᠬᠠᠷᠢᠭᠤᠴᠠᠬᠤ ᠶᠢᠨ ᠬᠠᠮᠲᠤ | ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ ᠰᠢᠯᠭᠠᠨ ᠬᠤᠷᠢᠶᠠᠵᠤ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠪᠠᠯᠠ ᠮᠥᠩᠭᠦ ᠰᠠᠯᠭᠠᠨ ᠥᠭᠬᠦ ᠶᠢ ᠬᠠᠷᠢᠭᠤᠴᠠᠵᠤ᠂ ᠲᠡᠳᠬᠦᠨ | ᠳᠡᠮᠵᠢᠬᠦ ᠪᠠᠯᠠ ᠮᠥᠩᠭᠦ ᠶᠢ ᠬᠤᠲᠠ ᠶᠢᠨ ᠲᠣᠰ ᠱᠠᠲᠤᠨ ᠠᠴᠠ ᠡᠭᠦᠷᠭᠡᠯᠡᠨ᠎ᠡ᠃ | ᠳᠣᠯᠤᠭ᠎ᠠ᠂ ᠪᠠᠷᠠᠭᠠᠨ ᠤ ᠭᠦᠶᠯᠭᠡᠭᠡᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠲᠡᠳᠬᠦᠨ᠎ᠡ᠃ | 3A᠂ 4A᠂ 5A ᠪᠠᠷ ᠦᠨᠡᠯᠡᠨ ᠲᠣᠭᠲᠠᠭᠠᠭᠰᠠᠨ ᠪᠠᠷᠠᠭᠠᠨ ᠤ ᠭᠦᠶᠯᠭᠡᠭᠡᠨ ᠤ ᠠᠵᠤ ᠠᠬᠤᠶᠢᠯᠠᠯ ᠳᠤ ᠲᠣᠰ ᠲᠣᠰ | 10 ᠲᠦᠮᠡ᠂ 20 ᠲᠦᠮᠡ᠂ 30 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠲᠡᠳᠬᠦᠮᠵᠢ ᠣᠯᠭᠤᠨ᠎ᠠ | ︔ ᠤᠯᠤᠰ ᠤᠨ ᠲᠠᠰ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠢᠨᠵᠧᠨᠧᠷᠢᠩ | ᠂ ᠴᠢᠷᠦᠭᠦᠯ ᠲᠡᠷᠭᠡ ᠶᠢᠨ ᠲᠡᠭᠡᠭᠡᠪᠦᠷᠢ ᠶᠢᠨ ᠲᠤᠷᠰᠢᠯᠲᠠ ᠶᠢᠨ ᠴᠡᠭ᠂ ᠤᠯᠤᠰ ᠤᠨ ᠲᠠᠰ ᠤᠨ ᠬᠤᠶᠠᠷ ᠠᠵᠤ | ᠦᠶᠯᠡᠰ ᠤᠨ ᠬᠤᠯᠪᠣᠭᠠᠯᠠᠨ ᠬᠥᠳᠡᠯᠦᠯᠴᠡᠭᠰᠡᠨ ᠵᠢᠱᠢᠶ᠎ᠡ ᠦᠵᠡᠭᠦᠯᠬᠦ ᠪᠠᠷᠠᠭ᠎ᠠ ᠶᠢᠨ ᠭᠦᠢᠯᠭᠡᠭᠡᠨ ᠤ ᠠᠵᠤ ᠠᠬᠤᠢ ᠳᠤ | 10 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠲᠡᠳᠬᠦᠮᠵᠢ ᠣᠯᠭᠤᠨ᠎ᠠ᠃ ᠨᠢᠭᠡᠳᠦᠭᠡᠷ ᠵᠤᠷᠪᠤᠰ ᠢ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠢᠨᠠᠨ ᠰᠢᠯᠭᠠᠬᠤ ᠶᠢ ᠬᠠᠷᠢᠭᠤᠴᠠᠨ ᠬᠦᠯᠢᠶᠡᠨ | ᠠᠪᠴᠤ ᠰᠢᠢᠳᠪᠦᠷᠢᠯᠡᠨ᠎ᠡ᠂ ᠬᠤᠶᠠᠳᠤᠭᠠᠷ ᠵᠤᠷᠪᠤᠰ ᠢ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠠᠴᠠ ᠬᠢᠨᠠᠨ | ᠰᠢᠯᠭᠠᠬᠤ ᠶᠢ ᠬᠠᠷᠢᠭᠤᠴᠠᠨ ᠬᠦᠯᠢᠶᠡᠨ ᠠᠪᠴᠤ ᠰᠢᠢᠳᠪᠦᠷᠢᠯᠡᠨ᠎ᠡ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠠᠴᠠ ᠲᠡᠳᠬᠦᠨ ᠳᠡᠮᠵᠢᠬᠦ ᠪᠡᠯᠡ ᠮᠥᠩᠭᠦ ᠲᠠᠷᠬᠠᠭᠠᠬᠤ ᠶᠢ ᠬᠠᠷᠢᠭᠤᠴᠠᠵᠤ᠂ ᠲᠡᠳᠬᠦᠨ ᠳᠡᠮᠵᠢᠬᠦ ᠪᠡᠯᠡ | ᠮᠥᠩᠭᠦ ᠶᠢ ᠬᠤᠲᠠ ᠶᠢᠨ ᠲᠤᠰ ᠱᠠᠲᠤᠨ ᠠᠴᠠ ᠡᠭᠦᠷᠭᠡᠯᠡᠨ᠎ᠡ᠃ | ᠨᠠᠢᠮᠠ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠬᠡᠪᠴᠢᠶᠡᠵᠢᠭᠦᠯᠦᠨ ᠡᠵᠡᠩᠨᠡᠬᠦ ᠶᠢ | ᠵᠣᠷᠢᠭᠵᠢᠭᠤᠯᠤᠨ᠎ᠠ᠃ ᠤᠯᠠᠭᠠᠨᠴᠠᠪ ᠬᠤᠲᠠ ᠳᠤ ᠳᠠᠩᠰᠠᠯᠠᠭᠤᠯᠤᠨ ᠡᠵᠡᠩᠨᠡᠭᠰᠡᠨ᠂ ᠡᠩ ᠤᠨ ᠭᠠᠶᠢᠯᠢ | ᠲᠤᠰᠢᠶᠠᠭᠴᠢ ᠶᠢᠨ ᠬᠢᠷᠢ ᠬᠡᠮ ᠲᠠᠢ᠂ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ ᠲᠠᠢ᠂ ᠡᠳ᠋ ᠤᠨ ᠶᠠᠪᠤᠳᠠᠯ ᠤᠨ | ᠵᠢᠷᠤᠮᠵᠢᠯ ᠪᠦᠷᠢᠨ ᠲᠡᠭᠦᠯᠳᠡᠷ᠂ ᠭᠠᠶᠢᠯᠢ ᠲᠤᠰᠢᠶᠠᠬᠤ ᠢᠲᠡᠭᠡᠮᠵᠢ ᠶᠢᠨ ᠬᠡᠮᠵᠢᠶ᠎ᠡ ᠪᠠᠷ ᠰᠠᠶᠢᠨ ᠲᠣᠤᠷ ᠰᠦᠯᠵᠢᠶ᠎ᠡ ᠪᠠᠷ | ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠬᠡᠰᠡᠭ ᠠᠶᠢᠮᠠᠭ ᠬᠤᠲᠠ ᠶᠢᠨ | ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠶᠯᠡᠰ ᠤᠨ ᠲᠤᠷᠰᠢᠯᠲᠠ ᠶᠢᠨ ᠴᠡᠭ ᠤᠨ ᠠᠵᠢᠯ | ᠥᠷᠨᠢᠭᠦᠯᠬᠦ ᠶᠢ ᠳᠡᠮᠵᠢᠬᠦ ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠥᠪᠡᠷᠲᠡᠭᠡᠨ | ᠵᠠᠰᠠᠬᠤ ᠣᠷᠣᠨ᠂ ᠬᠤᠲᠠ᠂ ᠰᠢᠶᠠᠨ ᠭᠤᠷᠪᠠᠨ ᠱᠠᠲᠤᠨ ᠤ ᠠᠵᠤ ᠠᠬᠤᠶ ᠳᠤ ᠦᠵᠡᠭᠦᠯᠦᠭᠰᠡᠨ ᠬᠤᠪᠢ ᠨᠡᠮᠡᠷᠢ ᠶᠢᠨ | ᠬᠡᠮᠵᠢᠭᠳᠡᠯ ᠢ ᠡᠮᠬᠢᠯᠡᠨ ᠨᠡᠶᠢᠯᠡᠭᠦᠯᠵᠦ ᠱᠠᠩᠨᠠᠯ ᠤᠨ ᠪᠠᠯᠠ ᠮᠥᠩᠭᠦ ᠪᠣᠯᠭᠠᠵᠤ᠂ ᠪᠥᠬᠦ ᠲᠤᠭ᠎ᠠ ᠪᠠᠷ ᠱᠠᠩᠨᠠᠨ᠎ᠠ᠃ | ᠵᠠᠷᠴᠢᠮ ᠳᠡᠭᠡᠷ᠎ᠡ ᠪᠠᠨ ᠤᠯᠠᠷᠢᠯ ᠢᠶᠠᠷ ᠲᠣᠭᠠᠴᠠᠭ᠎ᠠ ᠬᠢᠵᠦ ᠲᠠᠷᠬᠠᠭᠠᠵᠤ᠂ ᠬᠤᠲᠠ ᠶᠢᠨ ᠭᠠᠳᠠᠭᠠᠳᠤ ᠶᠠᠪᠤᠳᠠᠯ ᠤᠨ | ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠠᠴᠠ ᠨᠢᠭᠡ ᠯᠡ ᠴᠣᠩᠬᠤᠪᠴᠢ ᠪᠠᠷ ᠭᠥᠯᠢᠶᠡᠨ | ᠠᠪᠴᠤ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠲᠤᠭ᠎ᠠ | ᠪᠠᠷᠢᠮᠲᠠ ᠶᠢ ᠬᠠᠷᠭᠤᠭᠤᠯᠤᠨ ᠵᠥᠪᠰᠢᠶᠡᠷᠡᠬᠦ ᠳᠤ ᠬᠠᠮᠵᠢᠯᠴᠠᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ | ᠪᠠᠯᠠ ᠮᠥᠩᠭᠦ ᠰᠠᠯᠭᠠᠨ ᠥᠭᠬᠦ ᠶᠢ ᠬᠠᠷᠢᠭᠤᠴᠠᠵᠤ᠂ ᠲᠡᠳᠬᠦᠨ ᠳᠡᠮᠵᠢᠬᠦ ᠪᠠᠯᠠ ᠮᠥᠩᠭᠦ ᠶᠢ ᠬᠤᠲᠠ ᠶᠢᠨ ᠲᠣᠰ | ᠱᠠᠲᠤᠨ ᠠᠴᠠ ᠡᠮᠬᠢᠯᠡᠨ ᠨᠡᠶᠢᠯᠡᠭᠦᠯᠦᠨ᠎ᠡ᠃ | ᠶᠢᠰᠦ᠂ ᠴᠢᠳᠠᠪᠤᠷᠢᠲᠠᠨ ᠢ ᠱᠠᠩᠨᠠᠨ ᠬᠥᠬᠢᠭᠦᠯᠬᠦ ᠶᠢ ᠬᠡᠷᠡᠭᠵᠢᠭᠦᠯᠦᠨ᠎ᠡ᠃ ᠤᠯᠠᠭᠠᠨᠴᠠᠪ · ᠡᠷᠢᠶᠡᠨ ᠬᠤᠲᠠ ᠶᠢᠨ | ᠤᠯᠤᠰ ᠤᠨ ᠪᠠᠷᠠᠭᠠᠨ ᠤ ᠭᠦᠶᠯᠭᠡᠭᠡᠨ ᠤ ᠬᠦᠢᠰᠦ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ | ᠰᠢᠨ᠎ᠡ ᠪᠠᠷ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠢ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠳᠤ ᠤᠷᠤᠭᠤᠯᠤᠨ᠎ᠠ᠃ | ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠶᠯᠭᠡᠭᠡᠨ ᠤ ᠬᠦᠢᠰᠦ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠭᠠᠭᠴᠠ ᠴᠣᠩᠬᠤᠪᠴᠢ ᠪᠠᠷ ᠭᠥᠯᠢᠶᠡᠨ ᠠᠪᠴᠤ ᠬᠢᠨᠠᠨ | ᠬᠠᠷᠭᠤᠭᠤᠯᠬᠤ ᠶᠢ ᠬᠠᠷᠢᠭᠤᠴᠠᠵᠤ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠲᠤᠭ᠎ᠠ ᠪᠠᠷᠢᠮᠲᠠ ᠶᠢ | ᠬᠠᠷᠭᠤᠭᠤᠯᠤᠨ ᠵᠥᠪᠰᠢᠶᠡᠷᠡᠬᠦ ᠳᠤ ᠬᠠᠮᠵᠢᠯᠴᠠᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠪᠠᠯᠠ ᠮᠥᠩᠭᠦ | ᠰᠠᠯᠭᠠᠨ ᠥᠭᠬᠦ ᠶᠢ ᠬᠠᠷᠢᠭᠤᠴᠠᠵᠤ᠂ ᠲᠡᠳᠬᠦᠨ ᠳᠡᠮᠵᠢᠬᠦ ᠪᠠᠯᠠ ᠮᠥᠩᠭᠦ ᠶᠢ ᠬᠤᠲᠠ ᠶᠢᠨ ᠲᠣᠰ ᠱᠠᠲᠤᠨ ᠠᠴᠠ | ᠡᠭᠦᠷᠭᠡᠯᠡᠨ᠎ᠡ᠃ | ᠠᠷᠪᠠ᠂ ᠬᠦᠨᠳᠦ ᠶᠡᠭᠡ ᠣᠨᠴᠠ ᠶᠡᠭᠡ ᠲᠦᠷᠦᠯ ᠵᠦᠢᠯ ᠤᠨ ︽ᠨᠢᠭᠡ ᠬᠡᠷᠡᠭ ᠢ ᠨᠢᠭᠡ ᠵᠥᠪᠯᠡᠬᠦ︾ ᠶᠢ | ᠬᠡᠷᠡᠭᠵᠢᠭᠦᠯᠦᠨ᠎ᠠ᠃ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠶᠯᠭᠡᠭᠡᠨ ᠤ ᠬᠦᠢᠰᠦ ᠶᠢᠨ | ᠬᠦᠷᠢᠶᠡᠯᠡᠩ ᠲᠣᠭᠤᠷᠢᠭ ᠲᠤ ᠪᠠᠯᠠ ᠣᠷᠣᠭᠤᠯᠤᠭᠰᠠᠨ ᠬᠡᠪᠴᠢᠶ᠎ᠡ ᠨᠢ ᠣᠨᠴᠠᠭᠠᠶ ᠶᠡᠭᠡ᠂ ᠨᠥᠯᠥᠭᠡ ᠨᠢ ᠣᠨᠴᠠᠭᠠᠶ | ᠭᠦᠨ ᠭᠦᠨᠵᠡᠭᠡᠶ᠂ ᠬᠤᠪᠢ ᠨᠡᠮᠡᠷᠢ ᠨᠢ ᠣᠨᠴᠠᠭᠠᠶ ᠶᠡᠭᠡ᠂ ᠲᠥᠯᠥᠪᠵᠢᠭᠦᠯᠭᠡ ᠳᠤ ᠨᠡᠶᠢᠴᠡᠬᠦ ᠭᠠᠳᠠᠭᠠᠳᠤ ᠠᠵᠤ ᠠᠬᠤᠶ | ᠠᠷᠠᠯᠵᠢᠶ᠎ᠠ ᠪᠠ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠴᠢᠬᠤᠯᠠ ᠶᠡᠭᠡ ᠠᠵᠤ ᠦᠶᠯᠡᠰ ᠤᠨ ᠲᠥᠷᠥᠯ ᠵᠦᠶᠯ | ︵ᠠᠵᠤ ᠠᠬᠤᠶᠢᠯᠠᠯ︶ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠲᠥᠷᠥᠯ ᠵᠦᠶᠯ ︵ᠠᠵᠤ | ᠠᠬᠤᠶᠢᠯᠠᠯ︶ ᠳᠤ ᠦᠶᠯᠡᠴᠢᠯᠡᠨ᠎ᠡ᠃ | ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ | ᠬᠤᠭᠤᠴᠠᠭ᠎ᠠ ᠨᠢ 2 ᠵᠢᠯ ᠪᠣᠯᠤᠨ᠎ᠠ᠂ ᠡᠭᠦᠨ ᠢ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ︵ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠠᠴᠠ ᠬᠠᠷᠢᠭᠤᠴᠠᠨ ᠲᠠᠶᠢᠯᠪᠤᠷᠢᠯᠠᠨ᠎ᠠ᠃ ᠬᠤᠲᠠ ᠶᠢᠨ ᠭᠠᠳᠠᠭᠠᠳᠤ | ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠡᠳ᠋ ᠤᠨ ᠵᠠᠰᠠᠭ ᠤᠨ ᠲᠣᠪᠴᠢᠶ᠎ᠠ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠢᠨᠢᠩ ᠪᠣᠭᠤᠮᠲᠠ ᠶᠢᠨ ᠬᠢᠨ ᠬᠡᠷᠡᠭᠴᠡᠭᠡ ᠪᠠᠨ ᠦᠨᠳᠦᠰᠦᠯᠡᠨ ᠬᠡᠷᠡᠭᠵᠢᠭᠦᠯᠬᠦ ᠨᠠᠷᠢᠨ | ᠲᠦᠷᠢᠮ ᠲᠣᠭᠲᠠᠭᠠᠨ᠎ᠠ᠃ ︽ᠤᠯᠠᠭᠠᠨᠴᠠᠪ ᠬᠤᠲᠠ ᠶᠢᠨ ᠪᠠᠷᠠᠭᠠᠨ ᠤ ᠭᠦᠶᠯᠭᠡᠭᠡᠨ ᠤ ᠦᠶᠯᠡᠰ ᠤᠨ ᠬᠥᠭᠵᠢᠯᠲᠡ ᠶᠢ | ᠲᠦᠷᠭᠡᠳᠬᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠤᠭᠤᠳ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ︵ᠤᠯᠠᠭᠠᠨᠴᠠᠪ ᠵᠠᠰᠠᠭ ᠲᠠᠷᠬᠠᠭᠠᠭᠰᠠᠨ ﹇2018﹈ 155 ᠳ᠋ᠤᠭᠠᠷ ᠲᠣᠭᠠᠲᠤ︶᠂ ︽ᠭᠠᠳᠠᠭᠠᠳᠤ ᠠᠵᠤ ᠠᠬᠤᠶ | ᠠᠷᠠᠯᠵᠢᠶ᠎ᠠ ᠶᠢᠨ ᠲᠦᠷᠭᠡᠨ ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠨᠤᠭᠤᠳ ︵ | ᠲᠤᠷᠰᠢᠨ ᠬᠡᠷᠡᠭᠵᠢᠭᠦᠯᠬᠦ︶ ᠲᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ | ᠤᠯᠠᠭᠠᠨᠴᠠᠪ ᠵᠠᠰᠠᠭ ᠲᠠᠷᠬᠠᠭᠠᠭᠰᠠᠨ ﹇2019﹈ 39 ᠳ᠋ᠦ᠋ᠭᠡᠷ ᠲᠣᠭᠠᠲᠤ︶ ᠢ ᠬᠠᠮᠲᠤ ᠳᠤᠨᠢ ᠬᠦᠴᠦᠨ ᠥᠬᠡᠶ | ᠪᠣᠯᠭᠠᠨ᠎ᠠ᠃ | | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 5 ᠰᠠᠷ᠎ᠠ ᠶᠢᠨ 16 ᠤ ᠡᠳᠦᠷ |