ᠬᠤᠸᠠᠳᠧ ᠰᠢᠶᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/6/22
     ᠨᠢᠭᠡ ᠳᠤ ᠲᠥᠮᠥᠰᠥ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠨᠣᠬᠠᠶ ᠶᠢᠨ ᠬᠤᠰᠢᠭᠤ᠂ ᠭᠠᠭ᠋ᠠᠶ᠂ ᠠᠯᠠᠰᠢᠨ ᠬᠤᠨᠢ ᠵᠡᠷᠭᠡ ᠳᠥᠷᠪᠡᠨ ᠶᠡᠭᠡ ᠲᠠᠷᠢᠶᠠᠯᠠᠩ ᠮᠠᠯ ᠠᠵᠤ ᠠᠬᠤᠶ ᠶᠢᠨ ᠤᠨᠴᠠᠯᠢᠭᠳᠤ ᠠᠵᠤ ᠦᠢᠯᠡᠰ ᠲᠤ ᠲᠦᠰᠢᠭᠯᠡᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠣᠰ ᠪᠡᠶ᠎ᠡ ᠶᠢᠨ ᠣᠷᠣᠨ ᠪᠠᠶᠢᠷᠢ ᠶᠢᠨ ᠳᠠᠪᠠᠭᠤᠯᠢᠭ ᠪᠠ 200 ᠭᠠᠷᠤᠶ ᠲᠣᠮᠣ ᠰᠠᠷᠠᠪᠴᠢ ᠳᠤ ᠲᠦᠰᠢᠭᠯᠡᠨ᠂ ᠲᠣᠰᠬᠤᠨ ᠤ ᠠᠷᠠᠳ ᠯᠤᠭ᠎ᠠ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠠᠶᠢᠭᠤᠯᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠭᠠᠵᠠᠷ ᠰᠢᠷᠣᠶ ᠪᠠᠨ ᠳᠦᠷᠢᠶᠠᠰᠦᠯᠠᠨ ᠭᠠᠷᠭᠠᠬᠤ ᠳᠤ ᠲᠦᠷᠢᠶᠡᠰᠦᠨ ᠮᠥᠩᠭᠦ ᠲᠠᠢ᠂ ᠲᠣᠮᠣ ᠰᠠᠷᠠᠪᠴᠢ ᠳᠤ ᠠᠵᠢᠯ ᠬᠥᠳᠡᠯᠮᠦᠷᠢ ᠬᠢᠬᠦ ᠳᠤ ᠴᠠᠯᠢᠩ ᠲᠠᠢ ᠪᠠᠶᠢᠯᠭᠠᠵᠤ᠂ ᠡᠬᠢ ᠪᠠᠶᠠᠯᠢᠭ᠂ ᠪᠠᠯᠠ ᠮᠥᠩᠭᠦ᠂ ᠬᠥᠳᠡᠯᠮᠦᠷᠢ ᠬᠦᠴᠦᠨ ᠵᠡᠷᠭᠡ ᠬᠦᠴᠦᠨ ᠵᠦᠶᠯ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠪᠡ᠃      ᠬᠤᠶᠠᠷ ᠲᠤ ᠲᠠᠷᠢᠶᠠᠴᠢᠳ ᠤᠨ ᠭᠠᠵᠠᠷ ᠰᠢᠷᠣᠶ ᠪᠠᠨ ᠳᠦᠷᠢᠶᠡᠰᠦᠯᠡᠬᠦ ᠶᠢ ᠬᠥᠲᠥᠯᠥᠨ ᠵᠢᠯᠣᠭᠤᠳᠴᠤ᠂ ᠵᠣᠷᠢᠭᠵᠢᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠪᠠ ᠲᠤᠰᠬᠠᠶ ᠠᠵᠢᠯ ᠤᠨ ᠬᠤᠷᠰᠢᠶ᠎ᠠ ᠶᠢ ᠲᠠᠰᠣᠷᠠᠯᠳᠠ ᠥᠭᠡᠢ ᠣᠷᠣᠭᠤᠯᠤᠨ ᠠᠪᠴᠢᠷᠠᠭᠠᠳ ᠢᠯᠡᠳᠲᠡ ᠦᠷ᠎ᠡ ᠪᠦᠲᠦᠮᠵᠢ ᠤᠯᠪᠠ᠃ ᠣᠳᠣᠬᠠᠨ ᠳᠤ᠂ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ ᠲᠤᠰᠬᠠᠢ ᠬᠤᠷᠰᠢᠶ᠎ᠠ ᠶᠢᠨ ᠳᠠᠭᠠᠭᠤᠯᠭ᠎ᠠ ᠪᠠᠷ᠂ ᠬᠠᠷ᠎ᠠ ᠴᠢᠨ᠋ᠸ᠎ᠠ ᠶᠢᠨ ᠬᠠᠷᠮᠠᠭ᠂ ᠮᠣᠩᠭᠤᠯ ᠬᠡᠭᠡᠷ᠎ᠡ ᠶᠢᠨ ᠵᠢᠮᠢᠰ ᠤᠨ ᠲᠠᠷᠢᠮᠠᠯ ᠤᠨ ᠲᠠᠯᠠᠪᠠᠢ ᠨᠢᠭᠡᠨᠲᠡ ᠲᠦᠮᠡ ᠭᠠᠷᠤᠢ ᠮᠦ ᠳᠤ ᠬᠦᠷᠴᠦ᠂ ᠨᠢᠮᠪᠡᠭᠡ ᠵᠡᠷᠭᠡ ᠪᠤᠳᠠ ᠮᠣᠳᠣ ᠲᠠᠢ ᠤᠶᠠᠯᠳᠤᠭᠤᠯᠤᠨ ᠨᠢᠮᠪᠡᠭᠡ ᠶᠢ ᠨᠠᠷᠢᠯᠢᠭ ᠡᠳ᠋ᠰᠢᠭᠦᠯᠬᠦ ᠶᠢᠨ ᠬᠠᠮᠲᠤ ᠲᠠᠷᠢᠬᠤ ᠰᠠᠨᠠᠭ᠎ᠠ ᠲᠠᠢ 35 ᠶᠠᠳᠠᠭᠤ ᠬᠦᠴᠢᠷᠳᠡᠯᠲᠡᠢ ᠲᠣᠰᠬᠤᠨ ᠳᠤ ᠬᠦᠷᠢᠶᠡᠨ ᠤ ᠠᠵᠤ ᠠᠬᠤᠢ ᠶᠢ ᠬᠥᠭᠵᠢᠭᠦᠯᠵᠡᠢ᠃ ᠡᠭᠦᠨ ᠤ ᠵᠡᠷᠭᠡ ᠪᠠᠷ᠂ ᠰᠢᠨ᠎ᠡ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠤᠰ ᠰᠢᠶᠠᠨ ᠤ ᠬᠢᠨ ᠲᠠᠷᠢᠶᠠᠴᠢᠳ ᠤᠨ ᠭᠡᠷ ᠪᠠᠶᠢᠰᠢᠩ ᠤᠨ ᠢᠶᠠᠨ ᠠᠷᠤ ᠥᠪᠥᠷ ᠲᠤ ᠬᠦᠷᠢᠶᠡᠨ ᠤ ᠠᠵᠤ ᠠᠬᠤᠶ ᠶᠢᠨ ᠤᠢ ᠰᠢᠭᠤᠶ ᠶᠢ ᠬᠥᠭᠵᠢᠭᠦᠯᠵᠦ᠂ ᠠᠮᠢ ᠠᠬᠤᠶ ᠶᠢᠨ ᠠᠵᠤ ᠦᠢᠯᠡᠰ ᠢ ᠡᠷᠬᠢᠯᠡᠵᠦ᠂ ᠠᠵᠤ ᠠᠬᠤᠶ ᠶᠢᠨ ᠣᠷᠣᠯᠭ᠎ᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠠᠶ᠃      ᠭᠤᠷᠪᠠ ᠳᠤ᠂ 6010 ᠮᠦ ᠶᠡᠷᠦᠩᠬᠡᠢ ᠲᠥᠯᠥᠪᠵᠢᠭᠦᠯᠦᠭᠰᠡᠨ ᠬᠤᠸᠠᠳᠧ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ 2023 ᠣᠨ ᠤ ᠰᠡᠭᠦᠯᠴᠢ ᠪᠠᠷ ᠪᠦᠬᠦᠨ ᠢ ᠪᠠᠷᠢᠵᠤ ᠳᠠᠭᠤᠰᠬᠠᠨ᠎ᠠ᠃ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠳᠠᠭᠤᠰᠤᠭᠰᠠᠨ  ᠬᠡᠰᠡᠭ ᠲᠤ ᠨᠢᠭᠡᠨᠲᠡ 12 ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠣᠷᠣᠵᠤ ᠰᠠᠭᠤᠵᠠᠶ᠂ ᠬᠦᠷᠢᠶᠡᠯᠡᠩ ᠲᠣᠭᠤᠷᠢᠭ ᠪᠦᠬᠦᠨ ᠢᠶᠠᠷ ᠢᠶᠠᠨ ᠪᠠᠶᠢᠭᠤᠯᠤᠭᠳᠠᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠯᠠ ᠣᠷᠣᠭᠤᠯᠤᠭᠴᠢᠳ ᠢ ᠲᠡᠳᠡᠨ ᠪᠠᠯᠠ ᠣᠷᠣᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠠᠵᠢᠯ ᠣᠯᠭᠤᠬᠤ ᠲᠣᠬᠢᠶᠠᠯ ᠢ ᠥᠷᠭᠡᠳᠬᠡᠬᠦ ᠶᠢᠨ ᠬᠠᠮᠲᠤ ᠪᠠᠰᠠ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠶᠯᠡᠳᠬᠦᠨ ᠢ ᠬᠠᠪᠰᠤᠷᠤᠨ ᠨᠠᠩ ᠰᠠᠶᠢᠨ ᠪᠣᠷᠣᠯᠠᠭᠤᠯᠭ᠎ᠠ ᠶᠢᠨ ᠠᠷᠭ᠎ᠠ ᠵᠠᠮ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠡᠪᠴᠢᠶᠡᠵᠢᠭᠰᠡᠨ ᠦᠶᠯᠡᠳᠪᠦᠷᠢᠯᠡᠯ ᠢ ᠪᠣᠯᠪᠠᠰᠤᠷᠠᠩᠭᠤᠶ ᠬᠥᠭᠵᠢᠯᠲᠡ ᠶᠢᠨ ᠵᠠᠮ ᠳᠤ ᠣᠷᠣᠭᠤᠯᠬᠤ ᠪᠣᠯᠤᠨ᠎ᠠ᠃                                ᠣᠷᠴᠢᠭᠤᠯᠤᠭᠴᠢ᠄ ᠤᠳᠠ                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2