| 6 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ | ᠴᠢ ᠹᠸᠢ ᠶᠦᠨ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠬᠠᠩᠵᠧᠦ ᠬᠤᠳᠠ ᠳᠤ ᠬᠦᠷᠴᠦ᠂ ᠺᠠᠩ ᠱᠢ | ᠹᠦ᠋ ᠶᠢᠨ ᠳ᠋ᠢᠩ ᠢ ᠮᠢᠶᠠᠨᠲ᠋ᠢᠶᠣᠤᠷ ᠤᠨ ᠦᠢᠯᠡᠳᠪᠦᠷᠢ᠂ ᠫᠦ ᠯᠦᠸᠧ ᠰᠢᠩ ᠴᠠᠷᠳᠠᠭᠤᠯ ᠤᠨ ᠦᠢᠯᠡᠳᠪᠦᠷᠢ ᠶᠢᠨ | ᠰᠤᠳᠤᠯᠤᠨ ᠨᠡᠭᠡᠭᠡᠬᠦ ᠵᠢᠴᠢ ᠦᠢᠯᠡᠳᠪᠦᠷᠢᠯᠡᠯ ᠤᠨ ᠪᠠᠶᠢᠳᠠᠯ ᠢ ᠰᠢᠨᠵᠢᠯᠡᠨ ᠪᠠᠶᠢᠴᠠᠭᠠᠭᠰᠠᠨ ᠪᠥᠭᠡᠳ ᠺᠠᠩ ᠱᠢ ᠹᠦ᠋ | ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ᠂ ᠱᠠᠩᠬᠠᠢ ᠶᠢᠨ ᠯᠠᠨ ᠲᠢᠶᠠᠨ ᠹᠦ᠋ ᠵᠢᠩ ᠲᠠᠩ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠶᠠᠷᠢᠯᠴᠠᠬᠤ | ᠬᠤᠷᠠᠯ ᠬᠤᠷᠠᠯᠳᠤᠭᠤᠯᠪᠠ᠃ | ᠶᠠᠷᠢᠯᠴᠠᠬᠤ ᠬᠤᠷᠠᠯ ᠳᠡᠭᠡᠷ᠎ᠡ᠂ ᠺᠠᠩ ᠱᠢ ᠹᠦ᠋ ᠶᠢᠨ ᠶᠡᠷᠦᠩᠬᠡᠢ ᠳᠠᠭᠠᠭᠠᠮᠠᠯ ᠵᠠᠩ ᠺᠦᠨ ᠹᠧᠩ᠂ ᠯᠠᠨ ᠲᠢᠶᠠᠨ | ᠪᠦᠯᠦᠭᠯᠡᠯ ᠤᠨ ᠶᠡᠷᠦᠩᠬᠡᠢ ᠵᠠᠬᠢᠷᠤᠭᠴᠢ ᠯᠢ ᠰᠢᠩ ᠽᠧ ᠲᠤᠰ ᠲᠤᠰ ᠠᠵᠤ ᠠᠬᠤᠶᠢᠯᠠᠯ ᠤᠨ ᠲᠣᠪᠴᠢ ᠪᠠᠶᠢᠳᠠᠯ᠂ | ᠬᠠᠮᠲᠤᠷᠠᠯᠴᠠᠭᠠᠨ ᠤ ᠠᠷᠭ᠎ᠠ ᠬᠡᠯᠪᠡᠷᠢ ᠵᠢᠴᠢ ᠲᠦᠷᠦᠯ ᠵᠦᠢᠯ ᠢ ᠵᠣᠯᠭᠠᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠴᠢ | ᠹᠸᠢ ᠶᠦᠨ᠂ ᠬᠤᠶᠠᠷ ᠺᠣᠮᠫᠠᠨᠢ ᠪᠣᠯ ᠲᠣᠰ ᠲᠣᠰ ᠢᠳᠡᠭᠡᠨ ᠪᠣᠯᠪᠠᠰᠤᠷᠠᠭᠤᠯᠬᠤ ᠪᠠ ᠲᠥᠮᠥᠰᠥ ᠪᠣᠯᠪᠠᠰᠤᠷᠠᠭᠤᠯᠬᠤ | ᠲᠣᠯᠣᠭᠠᠶᠢᠯᠠᠭᠴᠢ ᠠᠵᠤ ᠠᠬᠤᠶᠢᠯᠠᠯ ᠮᠥᠨ᠂ ᠭᠤᠷᠪᠠᠨ ᠲᠠᠯ᠎ᠠ ᠪᠠᠷ ᠢᠶᠠᠨ ᠲᠣᠰ ᠤᠳᠠᠭᠠᠨ ᠤ ᠶᠠᠷᠢᠯᠴᠠᠬᠤ | ᠬᠤᠷᠠᠯ ᠢᠶᠠᠷ ᠡᠬᠢᠯᠡᠯᠲᠡ ᠪᠣᠯᠭᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠂ | ᠬᠠᠮᠲᠤᠷᠠᠯᠴᠠᠭᠠᠨ ᠤ ᠬᠡᠪᠴᠢᠶ᠎ᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠵᠠᠭᠪᠤᠷ ᠢᠶᠠᠨ ᠭᠦᠨᠵᠡᠭᠡᠶᠢᠷᠡᠭᠦᠯᠦᠨ᠂ | ᠬᠠᠮᠲᠤᠷᠠᠨ ᠠᠵᠢᠯᠯᠠᠵᠤ ᠬᠠᠮᠲᠤᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠬᠠᠮᠲᠤᠪᠠᠷ ᠡᠭᠦᠳᠦᠨ ᠨᠡᠭᠡᠭᠡᠬᠦ ᠶᠢ ᠬᠦᠰᠡᠵᠦ | ᠪᠠᠶᠢᠨ᠎ᠠ ᠭᠡᠵᠦ ᠢᠯᠡᠷᠬᠡᠶᠢᠯᠡᠪᠡ᠃ | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ | ᠱᠠᠩᠬᠠᠢ ᠶᠢᠨ ᠯᠠᠨ ᠲᠢᠶᠠᠨ ᠹᠦ᠋ ᠵᠢᠩ ᠲᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ | ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ᠃ ᠲᠦᠷᠦᠯ | ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠨᠢ ᠱᠠᠩᠳᠤ ᠰᠢᠶᠠᠨ ᠤ ᠲᠥᠮᠥᠰᠥ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠪᠦᠳᠦᠭᠡᠨ ᠪᠠᠶᠢᠭᠤᠯᠤᠯᠲᠠ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ | ᠲᠤᠬᠢᠷᠠᠭᠤᠯᠤᠯᠳᠠ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠶᠢᠰᠢᠳᠠ ᠬᠤᠶᠠᠷ ᠲᠠᠯ᠎ᠠ ᠪᠠᠷ ᠢᠶᠠᠨ | ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠤᠯᠠᠭᠠᠨᠴᠠᠪ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠬᠤ ᠪᠣᠯᠤᠨ᠎ᠠ᠃ | ᠬᠤᠳᠠ ᠶᠢᠨ ᠤᠳᠤᠷᠢᠳᠤᠯᠭ᠎ᠠ ᠶᠦᠨ ᠫᠧᠩ ᠭᠠᠩ᠂ ᠹᠠᠩ ᠽᠧ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |