| ᠲᠤᠰ ᠲᠦᠷᠦᠯ ᠵᠦᠢᠯ ᠨᠢ ᠳᠥᠷᠪᠡᠳ ᠬᠤᠰᠢᠭᠤ ᠪᠣᠯᠤᠨ ᠦᠴᠤᠸᠠᠨ ᠰᠢᠶᠠᠨ ᠤ ᠠᠭᠤᠯᠵᠠᠷ ᠠᠴᠠ ᠡᠬᠢᠯᠡᠵᠦ᠂ | ᠲᠡᠭᠦᠰᠬᠡᠯ ᠤᠨ ᠴᠡᠭ ᠨᠢ ᠳᠥᠷᠪᠡᠳ ᠬᠤᠰᠢᠭᠤᠨ ᠤ ᠭᠠᠵᠠᠷ ᠰᠢᠨᠵᠢᠯᠡᠭᠡᠨ ᠤ ᠮᠦᠽᠧᠢ ᠬᠦᠷᠴᠦ᠂ ᠤᠷᠲᠤ ᠶᠢᠨ | ᠬᠡᠮᠵᠢᠶ᠎ᠡ ᠨᠢ 21 ᠺᠢᠯᠤᠮᠧᠲᠷ᠂ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1500 | ᠲᠦᠮᠡᠨ ᠲᠥᠭᠦᠷᠢᠭ᠂ ᠪᠡᠯᠡ ᠮᠥᠩᠭᠦ ᠶᠢᠨ ᠢᠷᠡᠯᠲᠡ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠤᠨ᠎ᠠ᠃ | ᠣᠳᠣᠬᠠᠨ ᠳᠤ᠂ ᠲᠥᠷᠥᠯ ᠵᠦᠶᠯ ᠤᠨ ᠡᠯ᠎ᠡ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠨᠢᠭᠡᠨᠲᠡ | ᠭᠦᠶᠴᠡᠳᠬᠡᠵᠦ ᠳᠠᠭᠤᠰᠬᠠᠭᠠᠳ᠂ ᠪᠦᠬᠦᠯᠢ ᠴᠣᠭᠴᠠ ᠶᠢᠨ ᠢᠨᠵᠧᠨᠧᠷᠢᠩ ᠢ ᠣᠲᠣ ᠨᠢᠭᠡᠨᠲᠡ ᠪᠠᠷᠢᠯᠭ᠎ᠠ ᠶᠢᠨ | ᠱᠠᠲᠤᠨ ᠳᠤ ᠣᠷᠣᠭᠤᠯᠪᠠ᠂ ᠡᠭᠦᠨ ᠳᠤ ᠲᠤᠷᠤᠭ ᠮᠤᠳᠤᠨ ᠳᠤ ᠭᠤᠤᠯᠳᠠᠭᠤ ᠵᠢᠭᠠᠷᠲᠤ ᠨᠠᠷᠠᠰᠤ᠂ ᠴᠠᠭᠠᠨ ᠬᠠᠶᠢᠯᠠᠰᠤ᠂ | ᠠᠯᠲᠠᠨ ᠨᠠᠪᠴᠢᠲᠤ ᠬᠠᠶᠢᠯᠠᠰᠤ᠂ ᠰᠢᠨᠵᠢᠶᠠᠩ ᠤᠨ ᠤᠯᠢᠶᠠᠰᠤ ᠵᠡᠷᠭᠡ ᠶᠢ ᠪᠠᠭᠲᠠᠭᠠᠵᠤ᠂ ᠣᠲᠣ ᠨᠢᠭᠡᠨᠲᠡ 4000 | ᠭᠠᠷᠤᠶ ᠰᠠᠭᠤᠷᠢ ᠵᠠᠶᠢᠯᠠᠬᠤ ᠶᠢ ᠪᠡᠶᠡᠯᠡᠭᠦᠯᠵᠦ᠂ ᠶᠡᠷᠦᠩᠬᠡᠶ ᠬᠡᠮᠵᠢᠶ᠎ᠡ ᠶᠢᠨ 72% ᠢ ᠪᠡᠶᠡᠯᠡᠭᠦᠯᠦᠭᠰᠡᠨ ᠪᠠᠶᠢᠨ᠎ᠠ︔ | ᠡᠭᠦᠨ ᠳᠤ ᠪᠤᠲᠠ ᠮᠤᠳᠤᠨ ᠳᠤ ᠭᠤᠣᠯᠲᠤ ᠪᠣᠷᠣ᠂ ᠬᠠᠶᠢᠯᠠᠰᠤᠨ ᠭᠦᠢᠯᠡᠰᠦ᠂ ᠤᠯᠠᠭᠠᠨ ᠪᠤᠷᠭᠠᠰᠤ ᠵᠡᠷᠭᠡ ᠶᠢ | ᠪᠠᠭᠲᠠᠭᠠᠵᠤ᠂ ᠣᠳᠣᠬᠠᠨ ᠳᠤ ᠨᠢᠭᠡᠨᠲᠡ 3000 ᠭᠠᠷᠤᠢ ᠰᠠᠭᠤᠷᠢ ᠵᠠᠶᠢᠯᠠᠬᠤ ᠶᠢ ᠪᠡᠶᠡᠯᠡᠭᠦᠯᠵᠦ᠂ ᠶᠡᠷᠦᠩᠬᠡᠢ | ᠬᠡᠮᠵᠢᠶ᠎ᠡ ᠶᠢᠨ 75% ᠢ ᠪᠡᠶᠡᠯᠡᠭᠦᠯᠵᠦ᠂ ᠪᠦᠬᠦ᠋ᠢᠯᠡ ᠲᠦᠷᠦᠯ ᠵᠦᠢᠯ ᠢ 6 ᠰᠠᠷ᠎ᠠ ᠶᠢᠨ ᠰᠡᠭᠦᠯᠴᠢ ᠠᠴᠠ ᠡᠮᠦᠨ᠎ᠡ | ᠳᠠᠭᠤᠰᠬᠠᠬᠤ ᠪᠠᠷ ᠲᠥᠯᠥᠪᠯᠡᠵᠦ ᠪᠤᠢ᠃ | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ | |