ᠮᠠᠨ ᠤ ᠬᠤᠲᠠ ᠬᠤᠶᠠᠳᠤᠭᠠᠷ ᠤᠯᠠᠷᠢᠯ ᠤᠨ ᠭᠤᠤᠯᠳᠠᠯᠭ᠎ᠠ ᠲᠠᠢ ᠲᠥᠷᠥᠯ ᠵᠦᠢᠯ ᠳᠤ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/6/24
   6 ᠰᠠᠷ᠎ᠠ ᠶᠢᠨ 23 ᠤ ᠡᠳᠦᠷ᠂ ᠮᠠᠨ ᠤ ᠬᠤᠲᠠ ᠬᠤᠶᠠᠳᠤᠭᠠᠷ ᠤᠯᠠᠷᠢᠯ ᠤᠨ ᠭᠤᠤᠯᠳᠠᠯᠭ᠎ᠠ ᠲᠠᠢ ᠲᠥᠷᠥᠯ ᠵᠦᠢᠯ ᠳᠤ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠵᠡᠷᠭᠡ ᠬᠤᠲᠠ ᠶᠢᠨ ᠤᠳᠤᠷᠢᠳᠤᠯᠭ᠎ᠠ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃    ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠨᠡᠮᠡᠯᠲᠡ ᠥᠷᠲᠡᠭ ᠢᠶᠠᠷ ᠥᠨᠳᠥᠷ᠂ ᠬᠥᠭᠵᠢᠯᠲᠡ ᠶᠢᠨ ᠬᠡᠲᠦ ᠶᠢᠨ ᠲᠥᠯᠥᠪ ᠢᠶᠠᠷ ᠰᠢᠯᠢᠳᠡᠭ ᠪᠠᠶᠢᠬᠤ ᠪᠣᠯ ᠲᠣᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠤᠨ ᠬᠠᠮᠤᠭ ᠤᠨ ᠶᠡᠭᠡ ᠬᠢᠯᠠᠰ ᠴᠡᠭ ᠪᠣᠯᠤᠨ᠎ᠠ᠃ ᠡᠭᠦᠨ ᠳᠤ ᠱᠦᠶ ᠹᠠ ᠪᠦᠯᠦᠭᠯᠡᠯ ᠤᠨ ᠬᠢᠵᠠᠭᠠᠷᠲᠤ ᠺᠣᠮᠫᠠᠨᠢ᠂ ᠶᠤᠸᠠᠨ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠵᠡᠷᠭᠡ ᠠᠵᠤ ᠠᠬᠤᠶᠢᠯᠠᠯ ᠲᠤᠬᠠᠶ ᠶᠢᠨ ᠲᠠᠯᠠᠪᠤᠷ ᠲᠤ ᠰᠦᠯᠵᠢᠶᠡᠨ ᠭᠠᠳᠠᠨ᠎ᠠ ᠭᠡᠷ᠎ᠡ ᠲᠣᠭᠲᠠᠵᠤ᠂ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠰᠤᠳᠤᠯᠭᠠᠨ ᠤ ᠬᠦᠷᠢᠶᠡᠯᠡᠩ᠂ ᠰᠢᠨ ᠨᠦᠩ ᠴᠤᠸᠠᠩ ︵ᠴᠢᠩᠳᠣᠤ︶ ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠸᠢᠳᠢᠤ᠋ ᠠᠷᠭ᠎ᠠ ᠮᠠᠶ᠋ᠢᠭ ᠢᠶᠠᠷ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠢ ᠪᠡᠶᠡᠯᠡᠭᠦᠯᠵᠡᠶ᠃    ᠣᠶᠢᠯᠠᠭᠠᠭᠰᠠᠨ ᠢᠶᠠᠷ᠂ ᠡᠨᠡ ᠤᠳᠠᠭ᠎ᠠ 76 ᠭᠤᠣᠯᠳᠠᠯᠭ᠎ᠠ ᠲᠠᠢ ᠲᠥᠷᠥᠯ ᠵᠦᠢᠯ ᠳᠤ ᠲᠥᠪᠯᠡᠷᠡᠭᠦᠯᠦᠨ ᠭᠡᠷ᠎ᠡ ᠲᠣᠭᠲᠠᠵᠤ᠂ 1336.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠡᠷᠭᠡ ᠣᠯᠠᠨ ᠬᠦᠷᠢᠶ᠎ᠡ ᠶᠢ ᠬᠠᠮᠤᠷᠴᠤ ᠪᠣᠶ᠂ ᠡᠭᠦᠨ ᠳᠤ ᠬᠦᠴᠦᠷᠬᠡᠭ ᠶᠡᠭᠡ ᠪᠣᠳᠠᠲᠤ ᠬᠦᠴᠦᠨ ᠲᠠᠢ ᠤᠯᠤᠰ ᠤᠨ ᠳᠣᠲᠣᠭᠠᠳᠤ ᠶᠢᠨ ᠨᠠᠷᠠᠲᠤ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠥᠷᠥᠯ ᠵᠦᠢᠯ ᠪᠠᠶᠢᠬᠤ ᠮᠥᠷᠲᠡᠭᠡᠨ ᠪᠠᠰᠠ  ᠪᠤᠶᠢᠵᠢᠯᠲᠠ ᠶᠢᠨ ᠴᠢᠨᠠᠷᠲᠠᠶ ᠲᠤᠰᠬᠠᠶ ᠨᠠᠷᠢᠯᠢᠭ ᠣᠨᠴᠠ ᠰᠢᠨ᠎ᠡ ᠲᠥᠷᠥᠯ ᠵᠦᠢᠯ ᠪᠠᠶᠢᠨ᠎ᠠ᠂ ᠡᠲᠡᠭᠡᠷ ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠤᠭᠳᠠᠬᠤ ᠨᠢ ᠤᠯᠠᠭᠠᠨᠴᠠᠪ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠶ ᠶᠤᠮ᠃    ︽ᠳᠠᠪᠠᠭᠤᠯᠢᠭ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ᠂ ᠲᠠᠭᠠᠯᠠᠮᠵᠢᠲᠠᠶ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠪᠣᠯ ᠮᠠᠨ ᠤ ᠠᠵᠤ ᠠᠬᠤᠶᠢᠯᠠᠯ ᠤᠨ ᠤᠯᠠᠭᠠᠨᠴᠠᠪ ᠲᠤ ᠡᠷᠦᠬᠡ ᠠᠮᠠ ᠣᠷᠣᠬᠤ ᠶᠢᠨ ᠴᠢᠬᠤᠯᠠ ᠬᠦᠴᠦᠨ ᠵᠦᠢᠯ ᠮᠥᠨ᠂ ᠲᠣᠰ ᠤᠳᠠᠭ᠎ᠠ ᠺᠣᠮᠫᠠᠨᠢ ᠤᠯᠠᠭᠠᠨᠴᠠᠪ ᠲᠤ ᠡᠷᠦᠬᠡ ᠠᠮᠠ ᠣᠷᠣᠬᠤ ᠳᠠᠭᠠᠨ ᠣᠶᠤᠨᠴᠢ ᠣᠷᠣᠨ ᠵᠠᠶ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠣᠶ᠂ ᠲᠥᠷᠥᠯ ᠵᠦᠢᠯ ᠢ ᠪᠦᠬᠦᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠣᠷᠣᠯᠭ᠎ᠠ ᠶᠢ 8 ᠳ᠋ᠦᠩᠰᠢᠭᠤᠷ ᠲᠥᠭᠦᠷᠢᠭ ᠪᠡᠶᠡᠯᠡᠭᠦᠯᠵᠦ ᠂ 4500 ᠲᠦᠮᠡᠨ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠵᠦ᠂ 200 ᠬᠥᠮᠦᠨ ᠳᠤ ᠠᠵᠢᠯ ᠣᠯᠭᠤᠵᠤ ᠪᠣᠯᠤᠨ᠎ᠠ︾ ᠭᠡᠵᠦ ᠱᠠᠩᠬᠠᠢ ᠶᠢᠨ ᠳ᠋ᠧ ᠾᠧᠩ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠦᠢᠴᠡᠳᠬᠡᠭᠴᠢ ᠳᠡᠳ᠋ ᠶᠡᠷᠦᠩᠬᠡᠢ ᠵᠠᠬᠢᠷᠤᠯ ᠫᠸᠢ ᠯᠢ ᠵᠤᠤ ᠢᠯᠡᠳᠬᠡᠪᠡ᠃    ᠣᠶᠢᠷ᠎ᠠ ᠶᠢᠨ ᠵᠢᠯ ᠤᠳ ᠲᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ ᠨᠢᠭᠡᠨ ᠵᠢᠷᠤᠭ ᠲᠥᠰᠦᠪ ᠢ ᠲᠤᠭᠤᠰᠢᠲᠠᠢ ᠵᠢᠷᠤᠭᠯᠠᠬᠤ ᠶᠢ ᠪᠠᠷᠢᠮᠲᠠᠯᠠᠵᠤ᠂ ᠢᠯᠠᠩᠭᠤᠶ᠎ᠠ ᠲᠣᠭᠠᠴᠢᠯᠠᠭᠰᠠᠨ ᠠᠵᠤ ᠠᠬᠤᠶ ᠶᠢᠨ ᠲᠥᠪᠯᠡᠷᠡᠯ ᠤᠨ ᠦᠢᠯᠡᠳᠦᠯ ᠦᠷᠭᠦᠯᠵᠢᠯᠡᠨ ᠢᠯᠡᠷᠡᠬᠦ ᠶᠢ ᠳᠠᠭᠠᠯᠳᠤᠨ᠂ ᠬᠦᠢᠰᠦ ᠶᠢᠨ ᠠᠵᠤ ᠠᠬᠤᠶ ᠶᠢᠨ ᠭᠠᠵᠠᠷ ᠣᠷᠣᠨ ᠤ ᠳᠠᠪᠠᠭᠤᠯᠢᠭ ᠨᠢ ᠬᠥᠮᠦᠰ ᠤᠨ ᠠᠩᠬᠠᠷᠤᠯ ᠢ ᠶᠡᠬᠡᠳᠡ ᠲᠠᠲᠠᠵᠤ᠂ ᠪᠣᠬᠢᠷᠲᠤᠯ ᠥᠬᠡᠶ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠭᠦᠨᠵᠡᠭᠡᠶᠢᠷᠡᠨ ᠠᠭᠢᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠵᠦ ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠳᠠᠯᠳᠠ ᠬᠦᠴᠦᠨ ᠭᠦᠢᠴᠡᠳ ᠬᠥᠭᠵᠢᠵᠡᠶ᠃ ᠨᠡᠩ ᠤᠯᠠᠨ ᠠᠵᠤ ᠠᠬᠤᠶᠢᠯᠠᠯ ᠤᠯᠠᠭᠠᠨᠴᠠᠪ ᠲᠤ ᠨᠤᠲᠤᠭᠰᠢᠵᠤ᠂ ᠨᠡᠩ ᠤᠯᠠᠨ ᠲᠡᠷᠢᠭᠦᠨ ᠤ ᠮᠡᠷᠭᠡᠵᠢᠯ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠯᠠᠭᠠᠨᠴᠠᠪ ᠲᠤ ᠰᠠᠭᠤᠷᠢᠰᠢᠵᠤ᠂ ᠤᠯᠠᠭᠠᠨᠴᠠᠪ ᠤᠨ ᠠᠵᠤ ᠠᠬᠤᠢ ᠶᠢᠨ ᠰᠠᠶᠢᠨ ᠪᠥᠭᠡᠳ ᠲᠦᠷᠭᠡᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠲᠣᠰ ᠤᠳᠠᠭ᠎ᠠ ᠶᠢᠨ ᠲᠥᠪᠯᠡᠷᠡᠭᠦᠯᠦᠨ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠦᠨᠡᠨᠴᠢ ᠦᠢᠯᠡᠴᠢᠯᠡᠭᠡ᠂ ᠪᠣᠳᠠᠲᠠᠶ ᠶᠢ ᠡᠷᠬᠢᠮᠯᠡᠬᠦ ᠲᠥᠷᠥ ᠶᠢᠨ ᠪᠣᠳᠣᠯᠭ᠎ᠠ᠂ ᠬᠦᠴᠦᠲᠡᠶ ᠪᠠᠲᠤᠯᠠᠭ᠎ᠠ ᠪᠠᠷ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠭᠡᠷ᠎ᠡ ᠲᠣᠭᠲᠠᠭᠰᠠᠨ ᠲᠥᠷᠥᠯ ᠵᠦᠢᠯ ᠤᠨ ᠡᠷᠲᠡᠬᠡᠨ ᠡᠬᠢᠯᠡᠨ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠠᠯᠢ ᠲᠦᠷᠭᠡᠨ ᠢᠶᠠᠷ ᠦᠢᠯᠡᠳᠪᠦᠷᠢᠯᠡᠯ ᠤᠨ ᠦᠷ᠎ᠡ ᠪᠦᠲᠦᠮᠵᠢ ᠣᠯᠵᠤ ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2