| ᠣᠳᠣᠬᠠᠨ ᠤ ᠬᠤᠲᠠ ᠶᠢᠨ ᠠᠷᠠᠳ ᠤᠨ ᠴᠠᠬᠢᠯᠭᠠᠨ ᠬᠥᠳᠡᠯᠭᠡᠭᠦᠷᠲᠦ ᠲᠡᠷᠭᠡ ᠪᠠᠨ ᠬᠤᠯᠠᠭᠠᠢ ᠳᠡᠭᠡᠷᠡᠮ ᠳᠤ | ᠠᠯᠳᠠᠬᠤ ᠠᠴᠠ ᠰᠡᠷᠭᠡᠶᠢᠯᠡᠵᠦ ᠵᠠᠪᠳᠤᠨ ᠫᠠᠶᠢᠰᠠ ᠡᠯᠭᠦᠬᠦ ᠠᠵᠢᠯ ᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ ᠪᠠᠶᠢᠭ᠎ᠠ | ᠪᠠᠶᠢᠳᠠᠯ ᠢ ᠦᠨᠳᠦᠰᠦᠯᠡᠨ᠂ ᠣᠳᠣ ᠶᠢᠨ ᠭᠤᠶᠤᠴᠢᠯᠠᠵᠤ ᠭᠦᠢᠴᠡᠳᠬᠡᠭᠦᠯᠵᠤ ᠪᠠᠶᠢᠭ᠎ᠠ ᠪᠠᠶᠢᠳᠠᠯ ᠲᠠᠢ ᠤᠶᠠᠯᠳᠤᠭᠤᠯᠤᠨ | ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠨᠣᠮᠧᠷ ᠤᠨ ᠫᠠᠶᠢᠰᠠ ᠭᠤᠶᠤᠴᠢᠯᠠᠨ ᠠᠪᠬᠤ ᠬᠤᠷᠳᠤᠴᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠢᠨᠢᠩ ᠲᠣᠭᠤᠷᠢᠭ 2022 ᠣᠨ ᠤ 6 ᠰᠠᠷ᠎ᠠ ᠶᠢᠨ 17 ᠤ ᠡᠳᠦᠷ ᠤᠨ | ᠦᠳᠡ ᠶᠢᠨ ᠡᠮᠦᠨ᠎ᠡ ᠶᠢᠨ 8 ᠴᠠᠭ ᠠᠴᠠ ᠡᠬᠢᠯᠡᠨ᠂ ᠬᠤᠶᠠᠳᠤᠭᠠᠷ ᠪᠦᠯᠦᠭ ᠤᠨ ᠨᠡᠶᠢᠲᠡ 5000 ᠴᠠᠬᠢᠯᠭᠠᠨ | ᠬᠥᠳᠡᠯᠭᠡᠭᠦᠷᠲᠦ ᠲᠡᠷᠭᠡᠨ ᠤ ᠨᠣᠮᠧᠷ ᠤᠨ ᠫᠠᠶᠢᠰᠠ ᠶᠢ ᠭᠤᠶᠤᠴᠢᠯᠠᠵᠤ ᠭᠦᠢᠴᠡᠳᠬᠡᠭᠦᠯᠬᠦ ᠢ ᠨᠡᠭᠡᠭᠡᠵᠤ᠂ ᠡᠭᠦᠨ ᠤ | ᠬᠠᠮᠲᠤ ᠭᠦᠩ ᠨᠦᠩ ᠬᠤᠶᠢᠲᠤ ᠵᠠᠮ ᠪᠣᠯᠤᠨ ᠮᠢᠨ ᠵᠢᠶᠠᠨ ᠶᠡᠭᠡ ᠵᠡᠭᠡᠯᠢ ᠶᠢᠨ ᠠᠭᠤᠯᠵᠠᠷ ᠤᠨ ᠵᠠᠮ ᠬᠠᠷᠢᠯᠴᠠᠭᠠᠨ ᠤ | ᠴᠠᠭᠳᠠᠭ᠎ᠠ ᠶᠢᠨ ᠬᠠᠷᠠᠭᠤᠯ ᠤᠨ ᠲᠢᠩᠰᠡ᠂ ᠴᠠᠬᠠᠷ ᠤᠨ ᠵᠡᠭᠦᠨ ᠵᠡᠭᠡᠯᠢ ᠪᠣᠯᠤᠨ ᠱᠤ᠋ ᠭᠤᠸᠠᠩ ᠵᠠᠮ ᠤᠨ ᠠᠭᠤᠯᠵᠠᠷ ᠤᠨ | ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠲᠢᠩᠰᠡ᠂ ᠡᠸ᠋ᠨ ᠾᠧ ᠶᠡᠭᠡ ᠵᠡᠭᠡᠯᠢ ᠶᠢᠨ ᠸᠧᠢ ᠳ᠋ᠦᠸᠧ ᠯᠢ | ᠵᠠᠮ ᠤᠨ ᠠᠭᠤᠯᠵᠠᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠲᠢᠩᠰᠡ ᠶᠢᠨ ᠭᠤᠷᠪᠠᠨ ᠭᠠᠵᠠᠷ ᠤᠨ | ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠲᠢᠩᠰᠡ ᠶᠢ ᠫᠠᠶᠢᠰᠠ ᠡᠯᠭᠦᠬᠦ ᠲᠣᠣᠷ ᠴᠡᠭ ᠪᠣᠯᠭᠠᠨ᠎ᠠ᠃ | ᠬᠤᠲᠠ ᠶᠢᠨ ᠠᠷᠠᠳ ᠵᠢᠵᠢᠭ ᠫᠷᠤᠭ᠍ᠷᠠᠮ ᠤᠨ ᠳᠣᠲᠣᠷ᠎ᠠ ᠲᠣᠰ ᠪᠡᠶ᠎ᠡ ᠶᠢᠨ ᠬᠡᠷᠡᠭᠴᠡᠭᠡ ᠪᠠᠨ ᠦᠨᠳᠦᠰᠦᠯᠡᠨ ᠣᠶᠢᠷ᠎ᠠ | ᠬᠠᠪᠢ ᠶᠢᠨ ᠪᠤᠶᠤ ᠬᠠᠷᠠᠭᠠᠯᠵᠠᠭᠰᠠᠨ ᠨᠣᠮᠧᠷ ᠤᠨ ᠬᠡᠰᠡᠭ ᠤᠨ ᠲᠣᠤᠷ ᠴᠡᠭ ᠢ ᠰᠣᠩᠭᠤᠨ ᠭᠤᠶᠤᠴᠢᠯᠠᠵᠤ ᠪᠣᠯᠤᠨ᠎ᠠ᠂ | ᠰᠠᠨᠠᠭᠤᠯᠤᠮᠵᠢ ᠶᠢᠨ ᠶᠣᠰᠣᠭᠠᠷ ᠰᠢᠰᠲ᠋ᠧᠮ ᠤᠨ ᠲᠠᠨᠢᠯᠴᠠᠭᠤᠯᠤᠭᠰᠠᠨ ᠴᠠᠭ ᠤᠨ ᠳᠣᠲᠣᠷ᠎ᠠ ᠬᠠᠷᠠᠭᠠᠯᠵᠠᠭᠰᠠᠨ ᠵᠠᠮ | ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠲᠢᠩᠰᠡ ᠳᠤ ᠣᠴᠢᠵᠤ ᠠᠪᠬᠤ ᠶᠢᠨ ᠬᠠᠮᠲᠤ ᠨᠣᠮᠧᠷ ᠤᠨ | ᠫᠠᠶᠢᠰᠠ ᠪᠠᠨ ᠡᠯᠭᠦᠪᠡᠯ ᠪᠣᠯᠴᠢᠬᠠᠨ᠎ᠠ᠃ | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ | |