ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/27
   6 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠲᠣᠰ ᠱᠠᠲᠤᠨ ᠤ ᠲᠥᠰᠦᠪ ᠤᠨ ᠲᠣᠬᠢᠷᠠᠭᠤᠯᠤᠯᠲᠠ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠵᠢᠴᠢ ᠣᠶᠢᠷ᠎ᠠ ᠶᠢᠨ ᠬᠤᠭᠤᠴᠠᠭᠠᠨ ᠤ ᠰᠢᠨ᠎ᠡ ᠪᠠᠷ ᠨᠡᠮᠡᠭᠳᠡᠭᠰᠡᠨ ᠵᠠᠷᠤᠯᠭ᠎ᠠ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠳ᠋ ᠤᠨ ᠵᠠᠰᠠᠭ ᠤᠨ ᠲᠥᠰᠦᠪ ᠤᠨ ᠮᠡᠳᠡᠭᠦᠯᠦᠯᠲᠡ ᠵᠡᠷᠭᠡ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ︽ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠲᠤᠬᠢᠷᠠᠭᠤᠯᠤᠨ ᠰᠢᠯᠢᠳᠡᠭᠵᠢᠭᠦᠯᠵᠦ᠂ ᠵᠠᠷᠤᠯᠭ᠎ᠠ ᠶᠢᠨ ᠶᠡᠷᠦᠩᠬᠡᠢ ᠬᠡᠮᠵᠢᠶ᠎ᠡ ᠶᠢ ᠪᠠᠭᠠᠰᠬᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠡᠳ᠋ ᠤᠨ ᠵᠠᠰᠠᠭ ᠢ ᠪᠠᠶᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠠ ᠴᠢᠬᠤᠯᠠ ᠶᠡᠭᠡ ᠢᠨᠵᠧᠨᠧᠷᠢᠩ ᠤᠨ ᠡᠳ᠋ ᠤᠨ ᠬᠦᠴᠦᠨ ᠤ ᠪᠠᠲᠤᠯᠠᠭ᠎ᠠ ᠶᠢ ᠳᠤᠪᠤᠶᠢᠯᠭᠠᠨ ᠰᠠᠶᠢᠲᠤᠷ ᠬᠢᠬᠦ ᠶᠢᠨ ᠬᠠᠮᠲᠤ ᠪᠡᠯᠡ ᠮᠥᠩᠭᠦ ᠶᠢ ᠬᠢᠨᠠᠨ ᠬᠠᠷᠭᠤᠭᠤᠯᠬᠤ ᠪᠠ ᠠᠵᠢᠯ ᠤᠨ ᠦᠷ᠎ᠡ ᠪᠦᠲᠦᠮᠵᠢ ᠶᠢ ᠮᠥᠷᠳᠡᠨ ᠬᠠᠮᠢᠶᠠᠷᠬᠤ ᠶᠢ ᠴᠢᠩᠭᠠᠳᠬᠠᠵᠤ᠂ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠶᠢ ᠪᠠᠲᠤᠯᠠᠵᠤ᠂ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ ᠡᠳ᠋ ᠤᠨ ᠵᠠᠰᠠᠭ ᠤᠨ ᠣᠷᠣᠯᠭ᠎ᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢ ᠰᠠᠶᠢᠲᠤᠷ ᠬᠢᠵᠦ᠂ ᠵᠠᠰᠠᠭ ᠤᠨ ᠣᠷᠳᠣᠨ ᠤ ᠲᠤᠰᠬᠠᠢ ᠪᠡᠯᠡ ᠮᠥᠩᠭᠦ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠵᠠᠰᠠᠭ ᠤᠨ ᠣᠷᠳᠣᠨ ᠤ ᠤᠨᠢᠨ ᠳᠡᠭᠡᠷ᠎ᠡ ᠨᠢ ᠪᠡᠯᠡ ᠣᠷᠣᠭᠤᠯᠬᠤ ᠪᠠᠷ ᠠᠷᠠᠳ ᠤᠨ ᠪᠡᠯᠡ ᠮᠥᠩᠭᠦ ᠶᠢ ᠲᠠᠶᠢᠴᠢᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2