ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ | ᠶᠦᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ | ᠪᠠᠭᠠᠰᠬᠠᠨ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠵᠤ᠂ ᠬᠠᠮᠤᠭ ᠲᠡᠷᠢᠭᠦᠨ ᠳᠤ | ᠰᠦᠶ ᠱᠦᠵᠢ ᠶᠢᠨ ᠪᠥᠬᠦ ᠬᠤᠲᠠ ᠶᠢᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠣᠬᠢᠷᠠᠭᠤᠯᠤᠯᠲᠠ ᠶᠢᠨ | ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠲᠠᠷᠠᠭᠠᠴᠢ ᠶᠢᠨ ᠬᠤᠭᠤᠴᠠᠭᠠᠨ ᠤ ᠭᠠᠩ | ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠣᠳᠣᠬᠠᠨ ᠳᠤ ᠭᠠᠩ ᠬᠠᠭᠰᠠᠷᠠᠭᠠᠨ ᠲᠠᠢ ᠪᠠᠶᠢᠵᠤ ᠪᠠᠶᠢᠳᠠᠯ ᠲᠡᠶᠢᠮᠦ ᠰᠠᠶᠢᠢᠨ ᠪᠢᠰᠢ᠂ | ᠣᠳᠣᠬᠠᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠠᠵᠢᠯ ᠢ | ᠰᠠᠶᠢᠲᠤᠷ ᠬᠢᠬᠦ ᠪᠣᠯ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠮᠠᠯᠵᠢᠬᠤ ᠲᠠᠷᠢᠶᠠᠯᠠᠬᠤ ᠣᠷᠣᠨ ᠤ | ᠲᠣᠭᠲᠠᠭᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠲᠠᠢ ᠬᠤᠯᠪᠣᠭᠳᠠᠬᠤ ᠶᠡᠭᠡ ᠶᠠᠪᠤᠳᠠᠯ ᠪᠣᠯᠬᠤ | ᠮᠥᠷᠲᠡᠭᠡᠨ ᠠᠵᠢᠯ ᠤᠨ ᠡᠭᠦᠷᠭᠡ ᠬᠠᠲᠠᠭᠤ ᠪᠡᠷᠬᠡ ᠶᠤᠮ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯ᠎ᠡ | ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ᠂ ᠪᠦᠭᠦ ᠲᠠᠯ᠎ᠠ ᠪᠠ ᠪᠠᠶᠢᠯᠳᠤᠬᠤ ᠪᠤᠲᠤᠯᠭ᠎ᠠ ᠶᠢᠨ | ᠳᠡᠭᠡᠳᠦ ᠬᠡᠮᠵᠢᠶᠡᠨ ᠠᠴᠠ ᠣᠳᠣᠬᠠᠨ ᠤ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠦᠢᠯ ᠤᠨ ᠴᠢᠬᠤᠯᠠ ᠴᠢᠨᠠᠷ | ᠪᠠ ᠪᠠᠴᠢᠮ ᠲᠤᠯᠭᠠᠭᠤ ᠴᠢᠨᠠᠷ ᠢ ᠭᠦᠢᠴᠡᠳ ᠲᠠᠨᠢᠵᠤ᠂ ᠶᠡᠭᠡ ᠭᠠᠩ ᠬᠠᠭᠰᠠᠷᠠᠭᠠᠨ ᠲᠠᠢ ᠲᠡᠮᠡᠴᠡᠬᠦ᠂ ᠶᠡᠭᠡ | ᠭᠠᠮᠰᠢᠭ ᠠᠴᠠ ᠠᠪᠤᠷᠠᠬᠤ ᠦᠵᠡᠯ ᠰᠠᠨᠠᠭᠠᠨ ᠤ ᠪᠡᠯᠡᠳᠬᠡᠯ ᠢᠶᠠᠨ ᠴᠢᠩᠭᠠᠳᠬᠠᠬᠤ ᠬᠡᠷᠡᠭᠲᠡᠢ᠃ ᠦᠳᠲᠡᠷ ᠲᠦᠷᠭᠡᠨ | ᠬᠥᠳᠡᠯᠦᠯᠴᠡᠵᠦ᠂ ᠣᠳᠣᠬᠠᠨ ᠤ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ ᠤᠯᠠᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ︽ᠤᠨᠢᠨ ᠳᠡᠭᠡᠷ᠎ᠡ ᠨᠢ︾ ᠪᠠ ︽ᠲᠦᠷᠭᠡᠨ︾ ᠶᠢ ᠳᠣᠪᠣᠶᠢᠯᠭᠠᠵᠤ᠂ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠬᠡᠪᠴᠢᠶᠡᠨ ᠳᠤ ᠨᠠᠷᠢᠨ ᠣᠨᠣᠴᠠᠲᠠᠶ ᠪᠠᠷ ᠵᠢᠭᠰᠠᠭᠠᠨ ᠰᠤᠷᠪᠤᠯᠵᠢᠯᠠᠬᠤ ᠠᠵᠢᠯᠯᠠᠭ᠎ᠠ | ᠥᠷᠨᠢᠭᠦᠯᠵᠦ᠂ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠪᠠᠶᠢᠳᠠᠯ ᠢ ᠰᠤᠳᠤᠯᠤᠨ ᠮᠠᠭᠠᠳᠯᠠᠬᠤ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠮᠡᠳᠡᠭᠡ ᠵᠠᠩᠭᠢ ᠨᠡᠶᠢᠲᠡᠯᠡᠬᠦ ᠳᠤ ᠬᠦᠴᠦᠲᠡᠶ ᠲᠤᠯᠭᠠᠭᠤᠷᠢᠯᠠᠯ | ᠬᠠᠩᠭᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ | ᠱᠠᠲᠤᠨ ᠤ ᠭᠠᠩ ᠬᠠᠭᠰᠠᠷᠠᠭᠠᠨ ᠲᠠᠢ ᠲᠡᠮᠡᠴᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ | ᠰᠤᠳᠤᠯᠵᠤ᠂ ᠲᠣᠰ ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠨᠥᠬᠦᠪᠥᠷᠢ ᠶᠢᠨ ᠡᠳ᠋ ᠪᠣᠳᠠᠰ ᠪᠠ ᠪᠠᠯᠠ | ᠮᠥᠩᠭᠦ ᠶᠢᠨ ᠲᠠᠷᠬᠠᠭᠠᠯᠲᠠ ᠶᠢ ᠢᠯᠡ ᠲᠣᠳᠣ᠂ ᠯᠠᠪᠳᠠᠭᠤᠨ ᠪᠥᠭᠡᠳ ᠡᠮᠬᠢ ᠵᠢᠷᠤᠮ ᠲᠠᠢ ᠲᠦᠷᠭᠡᠳᠬᠡᠵᠦ᠂ ᠣᠯᠠᠨ | ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠵᠦᠶᠯ ᠢ ᠪᠠᠲᠤᠯᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ ᠡᠭᠦᠨ ᠤ ᠵᠡᠷᠭᠡ ᠪᠠᠷ ᠳᠡᠭᠡᠳᠦ ᠱᠠᠲᠤᠨ ᠠᠴᠠ ᠭᠠᠩ ᠢ ᠡᠰᠡᠷᠭᠦᠴᠡᠬᠦ ᠲᠦᠷᠦᠯ ᠵᠦᠢᠯ ᠪᠠ ᠪᠡᠯᠡ | ᠮᠥᠩᠭᠦ ᠶᠢ ᠢᠳᠡᠪᠬᠢᠲᠡᠶ ᠪᠠᠷ ᠲᠡᠮᠡᠴᠡᠨ ᠣᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ | ᠵᠢᠭᠡᠯᠡᠯᠭᠡ ᠲᠠᠯᠪᠢᠬᠤ ᠬᠡᠷᠡᠭᠲᠡᠶ᠃ ᠭᠠᠮᠰᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ | ᠬᠦᠷᠲᠡᠯ᠎ᠡ ᠪᠠᠭᠤᠷᠠᠭᠤᠯᠵᠤ᠂ ︽ᠬᠤᠷᠢᠶᠠᠯᠲᠠ ᠬᠠᠰᠤᠭᠳᠠᠬᠤ ᠠᠴᠠ ᠣᠷᠣᠯᠭ᠎ᠠ ᠬᠠᠰᠤᠭᠳᠠᠬᠤ ᠦᠭᠡᠢ︾ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |