ᠨᠢᠭᠡ ᠳᠤ ᠲᠤᠮᠤ ᠬᠡᠯᠪᠡᠷᠢ ᠶᠢᠨ ᠵᠢᠭᠠᠯᠲᠠ ᠶᠢᠨ ᠬᠡᠯᠪᠡᠷᠢᠲᠦ ᠰᠦᠷᠴᠢᠨ ᠤᠰᠤᠯᠠᠬᠤ ᠴᠠᠭᠠᠷᠢᠭ ᠢ 389 ᠢᠵᠢ | ᠨᠤᠷᠠᠭᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠳᠤᠰᠤᠯᠭᠠᠨ ᠤᠰᠤᠯᠠᠬᠤ ᠲᠠᠷᠢᠶᠠᠨ ᠭᠠᠵᠠᠷ ᠢ 18.28 | ᠲᠦᠮᠡᠨ ᠮᠦ ᠥᠭᠡᠷᠡᠴᠢᠯᠡᠵᠦ᠂ ᠤᠰᠤᠯᠠᠯᠲᠠ ᠶᠢᠨ ᠭᠠᠵᠠᠷ ᠲᠤ ᠴᠥᠮ ᠳᠤᠰᠤᠯᠭᠠᠨ ᠤᠰᠤᠯᠠᠬᠤ ᠠᠷᠭ᠎ᠠ ᠶᠢ ᠬᠡᠷᠡᠭᠯᠡᠵᠦ | ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.5 | ᠪᠠᠶᠢᠭᠰᠠᠨ ᠠᠴᠠ 0.86 ᠪᠣᠯᠭᠠᠨ ᠳᠡᠭᠡᠭᠰᠢᠯᠡᠭᠦᠯᠪᠡ᠃ | ᠬᠤᠶᠠᠷ ᠲᠤ ︽ᠤᠰᠤᠨ ᠲᠠᠷᠢᠶ᠎ᠠ ᠶᠢ ᠬᠠᠭᠤᠷᠠᠢ ᠲᠠᠷᠢᠶ᠎ᠠ ᠪᠣᠯᠭᠠᠨ ᠥᠭᠡᠷᠡᠴᠢᠯᠡᠬᠦ︾ ᠶᠢ ᠢᠳᠡᠪᠬᠢᠲᠡᠶ | ᠬᠡᠷᠡᠭᠵᠢᠭᠦᠯᠵᠦ᠂ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ 1962 ᠪᠢᠲᠡᠭᠦᠮᠵᠢᠯᠡᠨ ᠵᠣᠭᠰᠣᠭᠠᠵᠤ᠂ | ᠤᠰᠤᠨ ᠲᠠᠷᠢᠶ᠎ᠠ ᠶᠢ 18.94 ᠲᠦᠮᠡᠨ ᠮᠦ ᠪᠠᠭᠠᠰᠬᠠᠪᠠ᠃ | ᠭᠤᠷᠪᠠ ᠳᠤ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠮᠠᠯ ᠤᠨ ᠪᠦᠲᠦᠴᠡ ᠶᠢ ᠨᠢ | ᠲᠣᠬᠢᠷᠠᠭᠤᠯᠵᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠯᠠᠪᠠᠢ ᠶᠢ 15 ᠲᠦᠮᠡᠨ ᠮᠦ ᠪᠠᠭᠠᠰᠬᠠᠪᠠ᠃ | ᠡᠭᠦᠨ ᠤ ᠳᠣᠲᠣᠷ᠎ᠠ ᠢᠳᠡᠰᠢᠨ ᠨᠣᠭᠤᠭ᠎ᠠ 5 ᠲᠦᠮᠡᠨ ᠮᠦ᠂ ᠰᠢᠬᠢᠷᠲᠦ ᠨᠣᠭᠤᠭ᠎ᠠ 10 ᠲᠦᠮᠡᠨ ᠮᠦ ᠪᠠᠭᠲᠠᠨ᠎ᠠ᠃ | ᠳᠥᠷᠪᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ 21.56 | ᠲᠦᠮᠡᠨ ᠮᠥ ᠪᠡᠶᠡᠯᠡᠭᠦᠯᠪᠡ᠃ ᠳᠡᠭᠡᠷᠡᠬᠢ ᠠᠷᠭ᠎ᠠ ᠬᠡᠮᠵᠢᠶ᠎ᠡ ᠨᠦᠭᠦᠳ ᠢᠶᠠᠷ ᠳᠠᠮᠵᠢᠭᠤᠯᠤᠨ᠂ ᠪᠦᠬᠦ ᠰᠢᠶᠠᠨ ᠤ | ᠤᠰᠤᠯᠠᠯᠲᠠ ᠶᠢᠨ ᠭᠠᠵᠠᠷ ᠤᠨ ᠲᠠᠯᠠᠪᠠᠢ ᠶᠢ 71.58 ᠲᠦᠮᠡᠨ ᠮᠦ ᠪᠣᠯᠲᠠᠯ᠎ᠠ ᠪᠠᠭᠠᠰᠬᠠᠵᠤ᠂ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠲᠠᠲᠠᠬᠤ ᠶᠢ ᠬᠤᠷᠢᠭᠯᠠᠨ ᠪᠠᠭᠠᠰᠬᠠᠵᠤ ᠨᠡᠭᠡᠭᠡᠨ ᠠᠰᠢᠭᠯᠠᠬᠤ ᠶᠢ 1686 ᠲᠦᠮᠡᠨ ᠪᠣᠰᠤᠭ᠎ᠠ | ᠳᠥᠷᠪᠡᠯᠵᠢᠨ ᠮᠧᠲᠷ ᠪᠠᠭᠠᠰᠬᠠᠪᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ | |