ᠡᠨᠡ ᠵᠢᠯ᠂ ᠵᠦᠸᠧᠽᠢ ᠰᠢᠶᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠦᠷᠭᠦᠯᠵᠢᠯᠡᠨ ᠬᠥᠭᠵᠢᠯᠲᠡ ᠶᠢᠨ ᠦᠷ᠎ᠡ ᠪᠦᠲᠦᠭᠡᠯ ᠢ | ᠡᠳ᠋ ᠤᠨ ᠵᠠᠰᠠᠭ ᠤᠨ ᠨᠡᠮᠡᠭᠳᠡᠯ ᠪᠠ ᠤᠯᠠᠨ ᠲᠦᠮᠡᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠳᠡᠭᠡᠷ᠎ᠡ ᠴᠠᠭ | ᠲᠤᠬᠠᠢ ᠳᠤ ᠨᠢ ᠢᠯᠡᠷᠡᠭᠦᠯᠬᠦ ᠶᠢᠨ ᠬᠠᠮᠲᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠬᠠᠨᠳᠤᠰᠢ ᠶᠢ ᠮᠥᠨ ᠯᠡ | ᠠᠷᠠᠳ ᠤᠨ ᠠᠮᠢᠳᠤᠷᠠᠯ ᠢᠶᠠᠷ ᠭᠤᠣᠯ ᠪᠣᠯᠭᠠᠵᠤ᠂ ᠠᠷᠠᠳ ᠤᠨ ᠠᠮᠢᠳᠤᠷᠠᠯ ᠤᠨ ᠰᠠᠭᠤᠷᠢ ᠲᠥᠬᠦᠭᠡᠷᠦᠮᠵᠢ ᠶᠢᠨ | ᠣᠷᠣᠭᠤᠯᠤᠯᠲᠠ ᠶᠢᠨ ᠡᠷᠴᠢᠮ ᠢ ᠲᠣᠭᠲᠠᠭᠤᠨ ᠢᠶᠠᠷ ᠴᠢᠩᠭᠠᠷᠠᠭᠤᠯᠵᠤ᠂ ᠠᠷᠠᠳ ᠤᠯᠠᠨ ᠳᠤ ᠨᠡᠩ ᠰᠠᠶᠢᠨ ︽ᠬᠠᠲᠠᠭᠤ | ᠬᠡᠷᠡᠭᠰᠡᠯ︾ ᠢ ᠡᠳ᠋ᠯᠡᠭᠦᠯᠬᠦ ᠶᠢᠨ ᠬᠠᠮᠲᠤ᠂ ᠪᠠᠰᠠ ᠠᠷᠠᠳ ᠤᠯᠠᠨ ᠤ ᠠᠮᠢᠳᠤᠷᠠᠯ ᠤᠨ ᠲᠣᠭᠤᠷᠢᠨ ᠳᠤ ᠪᠠᠲᠤᠯᠠᠪᠤᠷᠢ ᠶᠢᠨ | ᠡᠷᠴᠢᠮ ᠢ ᠴᠢᠩᠭᠠᠷᠠᠭᠤᠯᠤᠨ᠎ᠠ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠨᠥᠬᠦᠪᠥᠷᠢ᠂ ᠲᠡᠳᠬᠦᠮᠵᠢ | ᠵᠡᠷᠭᠡ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠵᠠᠷᠤᠯᠭ᠎ᠠ ᠶᠢ ᠡᠷᠬᠡᠪᠰᠢ | ᠤᠷᠢᠳ ᠢᠶᠠᠷ ᠭᠦᠢᠴᠡᠳ ᠲᠤᠭ᠎ᠠ ᠪᠠᠷ ᠲᠣᠬᠢᠷᠠᠭᠤᠯᠵᠤ᠂ ᠳᠤᠲᠠᠭᠤᠳᠠᠯ ᠭᠠᠷᠭᠠᠬᠤ ᠦᠭᠡᠢ᠃ | ᠣᠲᠣ ᠪᠣᠯᠲᠠᠯ᠎ᠠ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 6881.6 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 627.75 ᠲᠦᠮᠡᠨ ᠲᠥᠭᠦᠷᠢᠭ ᠨᠡᠮᠡᠭᠳᠡᠨ᠂ ᠠᠳᠠᠯᠢ | ᠬᠤᠭᠤᠴᠠᠭᠠᠨ ᠤ ᠬᠢ ᠠᠴᠠ 10% ᠨᠡᠮᠡᠭᠳᠡᠵᠡᠶ᠃ ᠡᠭᠦᠨ ᠳᠤ᠂ ᠠᠵᠢᠯ ᠣᠯᠭᠤᠯᠲᠠ ᠶᠢᠨ ᠨᠥᠬᠦᠪᠥᠷᠢ ᠶᠢᠨ ᠵᠠᠷᠤᠯᠭ᠎ᠠ | 534.96 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 86.05 ᠲᠦᠮᠡᠨ ᠲᠥᠭᠦᠷᠢᠭ | ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠵᠠᠷᠤᠯᠭ᠎ᠠ 53.54 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7 ᠲᠦᠮᠡᠨ | ᠲᠥᠭᠦᠷᠢᠭ ᠨᠡᠮᠡᠭᠳᠡᠪᠡ︔ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠷᠤᠯᠭ᠎ᠠ | 6289.25 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 534.15 ᠲᠦᠮᠡᠨ | ᠲᠥᠭᠦᠷᠢᠭ ᠨᠡᠮᠡᠭᠳᠡᠪᠡ︔ ᠵᠡᠮᠳᠡᠭᠴᠦᠳ ᠤᠨ ᠦᠢᠯᠡᠰ ᠤᠨ ᠵᠠᠷᠤᠯᠭ᠎ᠠ 3.85 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.85 ᠲᠦᠮᠡᠨ ᠲᠥᠭᠦᠷᠢᠭ ᠨᠡᠮᠡᠭᠳᠡᠪᠡ᠃ | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |