︽ᠲᠤᠯᠤᠭᠠᠨ ᠰᠠᠷ᠎ᠠ ᠶᠢᠨ ᠨᠢᠭᠡᠨ︾ ᠬᠦᠷᠴᠦ ᠢᠷᠡᠬᠦ ᠲᠠᠰᠢᠷᠠᠮ ᠢᠶᠠᠷ᠂ ᠬᠤᠸᠠᠳᠧ ᠰᠢᠶᠠᠨ ᠤ | ᠵᠡᠮᠳᠡᠭᠴᠦᠳ ᠤᠨ ᠬᠤᠯᠪᠣᠭ᠎ᠠ ᠶᠢᠨ ᠬᠢᠨ ᠪᠦᠯᠠᠤᠰᠤ ᠲᠣᠰᠬᠤᠨ ᠲᠠᠢ ᠬᠠᠮᠲᠤᠷᠠᠨ ︽ᠬᠠᠶᠢᠷ᠎ᠠ ᠬᠠᠯᠠᠮᠵᠢ ᠬᠦᠷᠭᠡᠬᠦ︾ | ᠵᠢᠴᠢ ︽ᠲᠤᠯᠤᠭᠠᠨ ᠰᠠᠷ᠎ᠠ ᠶᠢᠨ ᠨᠢᠭᠡᠨ︾ ᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ 3 ᠬᠦᠨᠳᠦ | ᠵᠡᠮᠳᠡᠭᠴᠦᠳ ᠢ ᠪᠣᠯᠭᠤᠭᠠᠨ ᠦᠵᠡᠪᠡ᠃ | ᠲᠣᠰ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠳᠤ ᠵᠡᠮᠳᠡᠭᠴᠦᠳ ᠤᠨ ᠦᠶᠯᠡᠳᠪᠦᠷᠢᠯᠡᠯ ᠠᠮᠢᠳᠤᠷᠠᠯ | ᠵᠡᠷᠭᠡ ᠲᠠᠯ᠎ᠠ ᠪᠠᠷ ᠬᠦᠴᠢᠷᠳᠡᠯ ᠳᠤ ᠲᠤᠯᠭᠠᠷᠠᠭᠰᠠᠨ ᠵᠢᠴᠢ ᠲᠡᠳᠡᠨ ᠤ ᠠᠮᠢᠳᠤᠷᠠᠯ ᠤᠨ ᠠᠪᠤᠷᠠᠨ ᠲᠤᠰᠠᠯᠠᠯᠲᠠ᠂ | ᠡᠮᠴᠢᠯᠡᠭᠡ ᠡᠷᠡᠭᠦᠯᠵᠢᠯ᠂ ᠠᠵᠢᠯ ᠣᠯᠵᠤ ᠰᠤᠷᠭᠠᠭᠤᠯᠢ ᠳᠤ ᠣᠷᠣᠬᠤ᠂ ᠬᠠᠷᠠᠭᠠᠯᠵᠠᠨ ᠠᠰᠠᠷᠠᠬᠤ᠂ ᠬᠡᠷ ᠪᠠᠶᠢᠰᠢᠩ ᠤᠨ | ᠬᠠᠷᠰᠢ ᠰᠠᠭᠠᠳ ᠥᠬᠡᠶ ᠪᠣᠯᠭᠠᠨ ᠥᠭᠡᠷᠡᠴᠢᠯᠡᠬᠦ ᠵᠡᠷᠭᠡ ᠪᠠᠶᠢᠳᠠᠯ ᠢ ᠤᠯᠠᠮ ᠨᠢᠭᠡ ᠠᠯᠬᠤᠮ ᠡᠵᠡᠮᠰᠢᠪᠡ︔ | ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ ᠢ ᠰᠠᠶᠢᠵᠢᠷᠠᠭᠤᠯᠵᠤ᠂ | ᠵᠡᠮᠳᠡᠭᠴᠦᠳ ᠤᠨ ᠠᠮᠢᠳᠤᠷᠠᠯ ᠤᠨ ᠬᠦᠴᠢᠷ ᠵᠣᠪᠠᠭᠤᠷᠢ ᠶᠢ ᠦᠨᠡᠨ ᠬᠦ ᠣᠶᠢᠯᠠᠭᠠᠵᠤ ᠴᠢᠳᠠᠭᠰᠠᠨ ᠪᠠᠶᠢᠨ᠎ᠠ᠃ ᠡᠭᠦᠨ ᠤ | ᠬᠠᠮᠲᠤ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ︽ᠦᠨᠳᠦᠰᠦᠨ ᠱᠠᠲᠤᠨ ᠳᠤ ᠬᠦᠷᠴᠦ᠂ | ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠵᠢᠯ ᠢᠶᠠᠨ ᠰᠠᠶᠢᠵᠢᠷᠠᠭᠤᠯᠬᠤ︾ ᠲᠤᠰᠬᠠᠶ ᠪᠠᠶᠢᠷᠢᠯᠠᠭᠤᠯᠤᠯᠲᠠ ᠶᠢ | ᠳᠥᠯᠭᠢᠨ ᠠᠬᠢᠭᠤᠯᠵᠤ᠂ ︽ᠥᠷᠭᠡᠨ ᠳᠡᠯᠭᠡᠷ ᠬᠠᠷᠢᠯᠴᠠᠭ᠎ᠠ ᠲᠠᠢ᠂ ᠣᠯᠠᠨ ᠲᠦᠮᠡᠨ ᠳᠤ ᠦᠶᠯᠡᠴᠢᠯᠡᠬᠦ︾ ᠣᠯᠠᠨ | ᠲᠦᠮᠡᠨ ᠤ ᠪᠦᠯᠬᠦᠮ ᠤᠨ ᠠᠵᠢᠯ ᠤᠨ ᠰᠢᠰᠲ᠋ᠧᠮ ᠤᠨ ᠴᠢᠬᠤᠯᠠ ᠠᠴᠢ ᠬᠤᠯᠪᠣᠭᠳᠠᠯ ᠢ ᠪᠣᠳᠠᠲᠠᠶᠢᠵᠢᠭᠤᠯᠪᠠ᠃ | ᠡᠨᠡ ᠵᠢᠯ ᠠᠴᠠ ᠨᠠᠰᠢ᠂ ᠲᠤᠰ ᠰᠢᠶᠠᠨ ᠤ ᠵᠡᠮᠳᠡᠭᠴᠦᠳ ᠤᠨ ᠬᠤᠯᠪᠣᠭ᠎ᠠ ᠨᠢ ᠰᠢᠶᠠᠨ ᠤ ᠡᠪᠯᠡᠯ ᠤᠨ ᠬᠤᠷᠢᠶ᠎ᠡ᠂ | ᠯᠢᠶᠠᠨ ᠳ᠋ᠧ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠲᠠᠢ ᠭᠠᠷ | ᠬᠤᠯᠪᠣᠨ ᠬᠦᠴᠢᠷᠳᠡᠯᠲᠡᠢ ᠵᠡᠮᠳᠡᠭᠴᠦᠳ ᠤᠨ ᠭᠡᠷ ᠲᠤ ᠤᠯᠠᠨ ᠤᠳᠠᠭ᠎ᠠ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ᠃ | ᠣᠳᠣᠬᠠᠨ ᠪᠣᠯᠲᠠᠯ᠎ᠠ᠂ ᠵᠡᠮᠳᠡᠭᠴᠦᠳ ᠤᠨ ᠬᠤᠯᠪᠣᠭ᠎ᠠ ᠨᠢᠭᠡᠨᠲᠡ 3 ᠰᠢᠶᠠᠩ 3 ᠪᠠᠯᠭᠠᠰᠤᠨ ᠳᠤ ᠭᠦᠨᠵᠡᠭᠡᠶᠢᠷᠡᠵᠦ᠂ | 16 ᠬᠦᠨᠳᠦ ᠵᠡᠮᠳᠡᠭᠴᠦᠳ ᠤᠨ ᠭᠡᠷ ᠪᠦᠯᠢ ᠶᠢ ᠡᠷᠬᠢᠨ ᠦᠵᠡᠵᠦ ᠬᠠᠪᠰᠤᠷᠬᠤ ᠶᠢᠨ ᠬᠠᠮᠲᠤ ᠲᠣᠬᠤᠨᠢᠭᠤᠯᠬᠤ ᠪᠣᠳᠠᠰ | ᠬᠦᠷᠭᠡᠪᠡ᠃ ᠡᠷᠭᠢᠵᠦ ᠦᠵᠡᠬᠦ ᠶᠠᠪᠤᠴᠠ ᠳᠠᠭᠠᠨ ᠲᠡᠳᠡᠨ ᠤ ᠪᠡᠶ᠎ᠡ ᠮᠠᠬᠠᠪᠣᠳ᠂ ᠭᠡᠷ ᠪᠦᠯᠢ᠂ ᠠᠮᠢᠳᠤᠷᠠᠯ᠂ ᠣᠷᠣᠯᠭ᠎ᠠ | ᠪᠠ ᠡᠷᠡᠭᠦᠯᠵᠢᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠨ᠂ | ᠡᠷᠴᠢ ᠵᠣᠷᠢᠭ ᠢᠶᠠᠨ ᠬᠥᠪᠴᠢᠯᠡᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠠᠶᠠᠰᠤᠩᠭᠤᠢ ᠣᠪᠣᠷ ᠢᠶᠠᠷ | ᠠᠮᠢᠳᠤᠷᠠᠯ ᠳᠤ ᠬᠠᠨᠳᠤᠬᠤ ᠬᠡᠷᠡᠭᠲᠡᠢ ᠭᠡᠵᠦ ᠵᠣᠷᠢᠭᠵᠢᠭᠤᠯᠪᠠ᠃ | ᠣᠶᠢᠷ᠎ᠠ ᠶᠢᠨ ᠵᠢᠯ ᠠᠴᠠ᠂ ᠵᠡᠮᠳᠡᠭᠴᠦᠳ ᠤᠨ ᠬᠤᠯᠪᠣᠭ᠎ᠠ ᠲᠣᠭᠲᠠᠭᠰᠠᠨ ᠬᠤᠭᠤᠴᠠᠭ᠎ᠠ ᠲᠠᠢ ᠪᠠᠷ | ᠵᠡᠮᠳᠡᠭᠴᠦᠳ ᠢ ᠰᠤᠷᠪᠤᠯᠵᠢᠯᠠᠬᠤ ᠪᠠᠷ ᠳᠠᠮᠵᠢᠭᠤᠯᠵᠤ᠂ ᠲᠡᠳᠡᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠨ | ᠠᠩᠬᠠᠷᠴᠤ᠂ ᠲᠡᠳᠡᠨ ᠢ ᠬᠠᠪᠰᠤᠷᠤᠨ ᠠᠮᠢᠳᠤᠷᠠᠯ ᠤᠨ ᠲᠠᠯ᠎ᠠ ᠪᠠᠷ ᠬᠢ ᠬᠦᠴᠢᠷᠳᠡᠯ ᠢ ᠨᠢ ᠰᠢᠢᠳᠪᠦᠷᠢᠯᠡᠵᠦ᠂ | ᠵᠡᠮᠳᠡᠭᠴᠦᠳ ᠢ ᠬᠠᠯᠠᠮᠵᠢᠯᠠᠬᠤ᠂ ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ | ᠬᠦᠴᠦᠨ ᠢᠶᠠᠷ ᠢᠶᠠᠨ ᠪᠤᠢ ᠪᠣᠯᠭᠠᠵᠤ᠂ ᠨᠡᠩ ᠤᠯᠠᠨ ᠵᠡᠮᠳᠡᠭᠴᠦᠳ ᠢ ᠨᠡᠶᠢᠭᠡᠮ ᠳᠤ ᠨᠡᠩ ᠰᠠᠶᠢᠲᠤᠷ | ᠠᠭᠤᠰᠤᠯᠴᠠᠭᠤᠯᠵᠠᠢ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |