ᠤᠯᠠᠭᠠᠨᠴᠠᠪ ᠬᠤᠳᠡ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠶᠠᠩ ᠰᠢᠶᠤᠤ ᠪᠥᠸᠧ᠄ ᠤᠬ ᠰᠠᠨᠠᠭ᠎ᠠ ᠪᠠᠨ ᠦᠢᠯᠡᠲᠦᠯᠭᠡᠵᠢᠭᠦᠯᠵᠦ ᠠᠷᠠᠳ ᠤᠨ ᠬᠦᠴᠢᠷᠲᠡᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2022/6/6
     ᠵᠠᠬᠢᠲᠠᠯ ᠰᠤᠷᠪᠤᠯᠵᠢᠯᠠᠯ ᠤᠨ ᠠᠵᠢᠯ ᠪᠤᠯ ᠨᠠᠮ ᠤᠨ ᠤᠯᠠᠨ ᠲᠦᠮᠡᠨ ᠤ ᠠᠵᠢᠯ ᠤᠨ ᠴᠢᠬᠤᠯᠠ ᠪᠦᠷᠢᠯᠲᠦᠭᠦᠨ ᠬᠡᠰᠡᠭ ᠮᠦᠨ᠃ ᠲᠦᠷᠦᠭᠦᠭᠡᠨ᠂ ︽ᠪᠦᠬᠦ ᠤᠯᠤᠰ ᠤᠨ ᠵᠠᠬᠢᠲᠠᠯ ᠰᠤᠷᠪᠤᠯᠵᠢᠯᠠᠯ ᠤᠨ ᠰᠢᠰᠲ᠋ᠧᠮ ᠤᠨ ᠲᠡᠷᠢᠭᠦᠨ ᠤ ᠬᠤᠪᠢ ᠬᠦᠮᠦᠨ︾ ᠤ ᠴᠤᠯᠠ ᠶᠢ ᠬᠦᠷᠲᠡᠭᠰᠡᠨ ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠠᠯᠪᠠᠨ ᠬᠡᠷ ᠤᠨ ᠡᠷᠬᠢᠯᠡᠭᠴᠢ ᠶᠠᠩ ᠰᠢᠶᠤᠤ ᠪᠥᠸᠧ ᠡᠭᠦᠨ ᠤ ᠲᠤᠬᠠᠢ ᠬᠦᠨ ᠤᠶᠢᠯᠠᠭᠠᠯᠲᠠ ᠲᠠᠢ ᠪᠠᠶᠢᠯ᠎ᠠ᠃ ︽ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠡᠶᠢᠭᠡᠮ ᠤᠨ ᠪᠠᠶᠢᠲᠠᠯ ᠠᠷᠠᠳ ᠤᠨ ᠰᠠᠨᠠᠭ᠎ᠠ ᠶᠢ ᠤᠶᠢᠯᠠᠭᠠᠬᠤ ᠴᠢᠬᠤᠯᠠ ᠴᠤᠩᠬᠤᠪᠴᠢ ᠮᠦᠨ᠂ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠳᠤ ᠵᠠᠪᠠᠯ ᠬᠠᠶᠢᠷ᠎ᠠ ᠬᠠᠯᠠᠮᠵᠢ ᠲᠠᠢ ᠮᠦᠷᠲᠡᠭᠡᠨ ᠬᠦᠯᠢᠴᠡᠩᠬᠦᠢ ᠪᠠᠷ ᠬᠠᠨᠳᠤᠬᠤ ᠬᠡᠷᠡᠭᠲᠡᠢ᠂ ᠭᠠᠭᠴᠠ ᠬᠦ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠣᠳᠣᠷᠬᠠᠶ ᠣᠶᠢᠯᠠᠭᠠᠪᠠᠯ ᠰᠠᠶ᠋ᠢ ᠣᠨᠣᠪᠴᠢᠲᠠᠶ ᠪᠠᠷ ᠰᠢᠢᠳᠪᠦᠷᠢᠯᠡᠵᠤ ᠴᠢᠳᠠᠨ᠎ᠠ︾ ᠬᠡᠵᠦ ᠲᠡᠷᠡ ᠶᠠᠷᠢᠨ᠎ᠠ᠃     ᠶᠠᠩ ᠰᠢᠶᠣᠣ ᠪᠥᠸᠧ ᠴᠡᠷᠢᠭ ᠠᠴᠠ ᠬᠠᠯᠠᠭᠳᠠᠵᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠠᠵᠢᠯᠯᠠᠭᠰᠠᠨ  ᠠᠴᠠ ᠨᠠᠭᠠᠰᠢ ᠬᠡᠲᠦᠶᠢᠪᠡᠷ ᠶᠡᠷᠦᠩᠬᠡᠶᠢᠯᠡᠭᠰᠡᠨ ᠴᠢᠨᠠᠷᠲᠠᠶ ᠠᠵᠢᠯ ᠢ ᠬᠠᠷᠢᠭᠤᠴᠠᠭᠰᠠᠭᠠᠷ ᠢᠷᠡᠭᠰᠡᠨ ᠪᠣᠯᠪᠠᠴᠤ ᠶᠡᠷᠦ ᠠᠴᠠ ᠤᠯᠠᠨ ᠲᠦᠮᠡᠨ ᠳᠤ ᠦᠢᠯᠡᠴᠢᠯᠡᠬᠦ ᠨᠢᠭᠡᠲᠦᠭᠡᠷ ᠹᠷᠤᠨᠲ ᠠᠴᠠ ᠵᠠᠶᠢᠳᠠᠭ᠎ᠠ ᠦᠭᠡᠢ᠃ ᠲᠡᠷᠡ ᠢᠮᠠᠬᠲᠠ ᠵᠠᠬᠢᠳᠠᠯ ᠰᠤᠷᠪᠤᠯᠵᠢᠯᠠᠯ ᠬᠦᠯᠢᠶᠡᠬᠦ ᠴᠣᠩᠬᠤᠪᠴᠢ ᠳᠤ ᠬᠦᠷᠴᠦ ᠵᠠᠬᠢᠲᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠲᠠᠢ ᠬᠠᠮᠵᠢᠯᠴᠠᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢ ᠡᠮᠬᠢᠯᠡᠨ ᠵᠠᠳᠠᠯᠬᠤ᠂ ᠠᠰᠠᠭᠤᠳᠠᠯ ᠢ ᠨᠢ  ᠰᠢᠢᠳᠪᠦᠷᠢᠯᠡᠭᠰᠡᠨ ᠪᠠᠶᠢᠲᠠᠯ ᠢ ᠮᠥᠷᠳᠡᠨ ᠳᠠᠭᠠᠵᠤ ᠬᠠᠷᠢᠭᠤ ᠲᠤᠰᠭᠠᠬᠤ ᠵᠡᠷᠭᠡ ᠠᠵᠢᠯ ᠢ ᠰᠠᠶᠢᠲᠤᠷ ᠬᠢᠵᠡᠶ᠃ ᠣᠯᠠᠨ ᠲᠦᠮᠡᠨ ᠤ ᠡᠯ᠎ᠡ ᠵᠦᠢᠯ ᠤᠨ ᠠᠷᠭ᠎ᠠ ᠵᠠᠮ ᠢᠶᠠᠷ ᠳᠤᠰᠬᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠡᠷᠡ ᠡᠳᠦᠷ ᠪᠤᠯᠭᠠᠨ ᠪᠠᠶᠢᠴᠠᠭᠠᠨ ᠦᠵᠡᠵᠦ᠂ ᠭᠠᠷᠠᠭ ᠪᠤᠯᠭᠠᠨ ᠵᠠᠳᠠᠯᠤᠨ ᠰᠢᠨᠵᠢᠯᠡᠵᠤ᠂ ᠰᠠᠷ᠎ᠠ ᠪᠤᠯᠭᠠᠨ ᠰᠤᠳᠤᠯᠤᠨ ᠮᠠᠭᠠᠳᠯᠠᠯᠲᠠ ᠬᠢᠲᠡᠭ ᠪᠢᠯᠡ᠃ ᠤᠳᠠᠭᠠᠨ ᠡᠳᠦᠷ ᠵᠤᠵᠠᠭᠠᠨ ᠬᠤᠨᠤᠭ ᠵᠠᠬᠢᠳᠠᠯ ᠰᠤᠷᠪᠤᠯᠵᠢᠯᠠᠯ ᠤᠨ ᠲᠤᠬᠠᠶᠢᠯᠠᠭᠰᠠᠨ ᠠᠵᠢᠯ ᠤᠨ ᠮᠡᠳᠡᠯᠬᠡ ᠶᠢ ᠰᠤᠷᠤᠯᠴᠠᠬᠤ ᠶᠠᠪᠤᠴᠠ ᠳᠤ᠂ ᠶᠠᠩ ᠰᠢᠶᠣᠣ ᠪᠥᠸᠧ ᠲᠤᠪᠴᠢᠶᠠᠨ   ᠤ ᠪᠠᠨ ᠲᠤᠬᠠᠶᠢᠯᠠᠭᠰᠠᠨ ᠠᠵᠢᠯ ᠤᠨ ︽ᠳᠤᠰᠬᠠᠢ ᠮᠡᠷᠭᠡᠵᠢᠯᠲᠡᠨ ︾ ᠪᠣᠯᠵᠣ᠂ ︽ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠭᠠᠨ ᠰᠠᠶᠢᠵᠢᠷᠠᠭᠤᠯᠬᠤ ᠲᠤᠬᠠᠶ ᠤᠯᠠᠭᠠᠨᠴᠠᠪ ᠬᠤᠲᠠ ᠶᠢᠨ ᠰᠠᠨᠠᠯ︾ ᠵᠡᠷᠭᠡ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠯ ᠤᠨ ᠵᠢᠷᠤᠮᠵᠢᠯ ᠤᠨ ᠴᠢᠨᠠᠷᠲᠠᠶ 12 ᠪᠢᠴᠢᠭ ᠮᠠᠲ᠋ᠧᠷᠢᠶᠠᠯ ᠢ ᠭᠤᠤᠯᠯᠠᠨ ᠲᠤᠭᠤᠷᠪᠢᠵᠤ᠂ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠷᠤᠮᠵᠢᠯ ᠤᠨ ᠴᠢᠨᠠᠷᠲᠠᠶ ᠠᠵᠢᠯᠯᠠᠭᠠᠨ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃     ᠤᠳᠤᠷᠢᠳᠤᠯᠭ᠎ᠠ ᠵᠠᠬᠢᠳᠠᠯ ᠰᠤᠷᠪᠤᠯᠵᠢᠯᠠᠯ ᠤᠨ ᠲᠣᠪᠣᠶᠢᠮ᠎ᠠ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠶᠢ ᠠᠬᠢᠭᠤᠯᠬᠤ ᠠᠵᠢᠯ ᠳᠤ᠂ ᠶᠠᠩ ᠰᠢᠶᠣᠣ ᠪᠥᠸᠧ ᠪᠥᠬᠦ ᠬᠤᠳᠠ ᠶᠢᠨ ᠬᠡᠳᠦᠨ ᠮᠢᠩᠭᠠᠨ ᠬᠤᠪᠢ ᠵᠠᠬᠢᠳᠠᠯ ᠰᠤᠷᠪᠤᠯᠵᠢᠯᠠᠯ ᠤᠨ ᠵᠦᠶᠯᠡᠰ ᠤᠨ ᠵᠠᠬᠢᠳᠠᠯ ᠰᠤᠷᠪᠤᠯᠵᠢᠯᠠᠯ ᠤᠨ ᠮᠠᠲ᠋ᠧᠷᠢᠶᠠᠯ ᠢ ᠨᠢᠭᠡᠳ ᠨᠢᠬᠡ ᠪᠠᠷ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠬᠠᠤᠯᠢ ᠳᠤᠭᠳᠠᠭᠠᠯ ᠲᠦᠷᠦ ᠶᠢᠨ ᠪᠣᠳᠣᠯᠭ᠎ᠠ ᠶᠢ ᠪᠠᠶᠢᠴᠠᠭᠠᠨ ᠦᠵᠡᠵᠦ᠂  ᠰᠢᠢᠳᠪᠦᠷᠢᠯᠡᠭᠰᠡᠨ ᠪᠠᠶᠢᠳᠠᠯ ᠢ ᠤᠶᠢᠯᠠᠭᠠᠨ᠂ ᠣᠯᠠᠨ ᠲᠦᠮᠡᠨ ᠤ ︽ᠪᠠᠴᠢᠮᠳᠠᠵᠦ ᠲᠦᠪᠡᠭᠳᠡᠵᠦ ᠵᠣᠪᠠᠨᠢᠵᠦ ᠬᠦᠰᠡᠵᠦ︾ ᠪᠠᠶᠢᠭ᠎ᠠ ᠠᠰᠠᠭᠤᠳᠠᠯ ᠢ ᠤᠳᠤᠷᠢᠳᠤᠯᠭ᠎ᠠ ᠶᠢᠨ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠬᠡᠪᠴᠢᠶᠡᠨ ᠳᠤ ᠣᠷᠣᠭᠤᠯᠪᠠ᠃ ᠲᠡᠷᠡ 2016 ᠣᠨ ᠠᠴᠠ ᠨᠠᠭᠠᠰᠢ᠂ ᠬᠤᠲᠠ ᠶᠢᠨ ᠤᠳᠤᠷᠢᠳᠤᠯᠭ᠎ᠠ ᠶᠢᠨ ᠲᠠᠭᠠᠭᠠᠴᠢᠯᠠᠬᠰᠠᠨ 635 ᠬᠤᠪᠢ ᠭᠤᠣᠯᠳᠠᠯᠭ᠎ᠠ ᠲᠠᠢ ᠬᠦᠴᠢᠷᠳᠡᠯ ᠲᠠᠢ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠶᠢ ᠠᠬᠢᠭᠤᠯᠵᠦ᠂ ᠡᠬᠦᠨ ᠳᠤ ᠪᠦᠬᠦ ᠬᠤᠲᠠ ᠶᠢᠨ ᠨᠡᠶᠢᠲᠡᠴᠢ ᠴᠢᠨᠠᠷᠲᠠᠢ ᠬᠠᠮᠲᠤᠯᠢᠭ ᠤᠨ ᠲᠦᠷᠦᠯ ᠤᠨ 7 ᠵᠠᠬᠢᠳᠠᠯ ᠰᠤᠷᠪᠤᠯᠵᠢᠯᠠᠯ ᠤᠨ ᠠᠰᠠᠭᠤᠳᠠᠯ ᠠᠴᠠ ᠪᠤᠰᠤᠳ ᠨᠢ ᠪᠦᠷ ᠤᠯᠠᠨ ᠲᠦᠮᠡᠨ ᠤ ᠲᠤᠰ ᠪᠡᠶ᠎ᠡ ᠶᠢᠨ ᠠᠰᠢᠭ ᠳᠤᠰᠠ ᠳᠤ ᠰᠢᠭᠤᠳ ᠬᠤᠯᠪᠤᠭᠳᠠᠬᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠪᠣᠯᠤᠨ᠎ᠠ᠃     ᠠᠯᠪᠠᠨ ᠭᠡᠷ ᠤᠨ ᠡᠷᠬᠢᠯᠡᠭᠴᠢ ᠪᠤᠯᠤᠭᠰᠠᠨ ᠤ ᠬᠤᠪᠢ ᠳᠤ᠂ ᠶᠠᠩ ᠰᠢᠶᠣᠣ ᠪᠦᠸᠧ ᠶᠢᠨ ᠡᠭᠦᠷᠭᠡᠯᠡᠵᠦ ᠪᠠᠶᠢᠭ᠎ᠠ ᠠᠵᠢᠯ ᠮᠠᠰᠢ ᠤᠯᠠᠨ ᠪᠠᠶᠢᠲᠠᠭ᠂ ᠭᠡᠪᠡᠴᠦ ᠲᠡᠷᠡ ᠤᠴᠢᠷ ᠪᠣᠯᠭᠠᠨ ᠢ ᠨᠠᠷᠢᠨ ᠨᠢᠮᠪᠠᠢ ᠰᠢᠢᠳᠪᠦᠷᠢᠯᠡᠵᠤ᠂ ᠨᠢᠭᠡ ᠤᠳᠠᠭᠠᠨ ᠤ ᠬᠤᠷᠠᠯ ᠲᠤᠬᠢᠷᠠᠭᠤᠯᠬᠤ᠂ ᠨᠢᠭᠡ ᠮᠡᠳᠡᠭᠦᠯᠦᠯᠲᠡ ᠲᠤᠭᠤᠷᠪᠢᠬᠤ᠂ ᠨᠢᠭᠡ ᠤᠲᠠᠰᠤ ᠲᠤᠰᠬᠤ᠂ ᠨᠢᠭᠡ ᠬᠤᠪᠢ ᠪᠢᠴᠢᠭ ᠮᠠᠲ᠋ᠧᠷᠢᠶᠠᠯ ᠳᠠᠮᠵᠢᠭᠤᠯᠬᠤ ᠳᠤ ᠪᠦᠷ ᠨᠠᠷᠢᠨ ᠬᠢᠨᠠᠮᠠᠭᠠᠢ᠂ ᠲᠦᠷᠭᠡᠨ ᠪᠥᠭᠡᠳ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠪᠡ᠃ 2016 ᠣᠨ ᠠᠴᠠ ᠨᠠᠭᠠᠰᠢ᠂ ᠲᠡᠭᠦᠨ ᠤ ᠪᠢᠴᠢᠭᠰᠡᠨ ᠵᠠᠬᠢᠳᠠᠯ ᠰᠤᠷᠪᠤᠯᠵᠢᠯᠠᠯ ᠤᠨ ᠬᠦᠲᠡᠯᠦᠩᠬᠦᠢ ᠪᠠᠶᠢᠳᠠᠯ 200 ᠭᠠᠷᠤᠢ ᠬᠤᠭᠤᠴᠠᠭ᠎ᠠ᠂ ᠵᠠᠬᠢᠳᠠᠯ ᠰᠤᠷᠪᠤᠯᠵᠢᠯᠠᠯ ᠤᠨ ᠳᠤᠰᠬᠠᠢ ᠮᠡᠳᠡᠭᠦᠯᠦᠯᠲᠡ 150 ᠭᠠᠷᠤᠢ ᠬᠤᠭᠤᠴᠠᠭ᠎ᠠ᠂ ᠰᠤᠳᠤᠯᠤᠨ ᠮᠠᠭᠠᠳᠯᠠᠬᠤ ᠮᠡᠳᠡᠭᠦᠯᠦᠯᠲᠡ 50 ᠭᠠᠷᠤᠢ ᠬᠤᠭᠤᠴᠠᠭ᠎ᠠ᠂ ᠡᠯ᠎ᠡ ᠵᠦᠢᠯ  ᠤᠨ ᠲᠥᠰᠦᠯ ᠤᠨ ᠳ᠋ᠦᠩᠨᠡᠯᠲᠡ ᠶᠢᠨ ᠮᠠᠲ᠋ᠧᠷᠢᠶᠠᠯ ᠨᠢ ᠵᠠᠭᠤᠨ ᠲᠦᠮᠡ ᠭᠠᠷᠤᠢ ᠦᠰᠦᠭ ᠳᠠᠪᠠᠪᠠ᠃     ᠶᠠᠩ ᠰᠢᠶᠤᠤ ᠪᠦᠸᠧ ᠠᠵᠢᠯ ᠦᠢᠯᠡᠰ ᠲᠡᠭᠡᠨ ᠨᠠᠷᠢᠨ ᠬᠢᠨᠠᠮᠠᠭᠠᠢ᠂ ᠵᠤᠪᠠᠯ ᠵᠦᠲᠡᠷᠡᠯ ᠢ ᠬᠠᠶᠢᠬᠤᠷᠤᠯ ᠦᠭᠡᠢ ᠪᠠᠷ ᠨᠢᠭᠡᠨ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯᠲᠠᠨ ᠤ ᠡᠬᠡ ᠣᠷᠣᠨᠴᠢ ᠬᠠᠶᠢᠷ᠎ᠠ ᠰᠡᠳᠭᠢᠯᠬᠡ ᠶᠢ ᠣᠶᠤᠨ ᠤᠬᠠᠭᠠᠨ ᠪᠠ ᠦᠨᠡᠨ ᠰᠡᠳᠭᠢᠯᠭᠡ ᠪᠠᠷ ᠦᠶᠯᠡᠳᠦᠯᠭᠡᠵᠢᠭᠦᠯᠦᠭᠰᠡᠭᠡᠷ ᠢᠷᠡᠪᠡ᠃ ︽ᠪᠥᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠳᠡᠷᠢᠬᠦᠨ ᠤ ᠬᠤᠪᠢ ᠬᠥᠮᠦᠨ ᠢᠶᠠᠷ ᠬᠦᠬᠢᠭᠦᠯᠦᠭᠲᠡᠨ ᠰᠠᠶᠢᠰᠢᠶᠠᠬᠳᠠᠬᠰᠠᠨ ᠨᠢ ᠢᠷᠠᠭᠤ ᠠᠯᠲᠠᠷ ᠪᠤᠯᠬᠤ ᠮᠦᠷᠲᠡᠭᠡᠨ ᠨᠡᠩ ᠴᠦ ᠬᠦᠲᠡᠯᠭᠡᠬᠦ ᠬᠦᠴᠦᠨ ᠪᠤᠯᠤᠨ᠎ᠠ᠃ ᠬᠤᠶᠢᠰᠢᠳᠡ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠤᠨ ᠥᠭᠡᠷᠡᠴᠢᠯᠡᠯᠲᠡ ᠶᠢᠨ ᠶᠠᠪᠤᠴᠠ ᠳᠤ᠂ ᠦᠨᠳᠦᠰᠦᠨ ᠱᠠᠲᠤᠨ ᠤ ᠵᠠᠬᠢᠲᠠᠯ ᠰᠤᠷᠪᠤᠯᠵᠢᠯᠠᠯ ᠤᠨ ᠠᠵᠢᠯ ᠳᠠᠭᠠᠨ ᠦᠷᠭᠦᠯᠵᠢᠯᠡᠨ ᠬᠤᠪᠢ ᠨᠡᠮᠡᠷᠢ ᠦᠵᠡᠭᠦᠯᠦᠨ᠎ᠡ︾ ᠬᠡᠵᠦ ᠶᠠᠩ ᠰᠢᠶᠤᠤ ᠪᠦᠸᠧ ᠢᠲᠡᠭᠡᠯ ᠲᠡᠭᠦᠯᠲᠡᠷ ᠶᠠᠷᠢᠨ᠎ᠠ᠃                               ᠵᠤᠬᠢᠶᠠᠭᠴᠢ᠄ ᠬᠠᠨ ᠯᠢᠩ ᠯᠢᠩ                              
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2