ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ | ᠴᠢᠩᠳᠠᠯᠠᠬᠤ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠡᠭᠦᠷ ᠤᠨ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠴᠢᠨᠠᠭᠰᠢᠳᠠ | ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ | ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠨᠠᠮ ᠤᠨ 101 ᠨᠠᠰᠤᠨ ᠤ ᠲᠥᠷᠥᠭᠰᠡᠨ ᠡᠳᠦᠷ ᠤᠨ ᠪᠠᠶᠠᠷ ᠬᠦᠷᠴᠦ | ᠢᠷᠡᠬᠦ ᠲᠠᠰᠢᠷᠠᠮ ᠢᠶᠠᠷ᠂ ᠬᠤᠸᠠᠳᠧ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠡᠭᠦᠷ ᠲᠣᠰ | ᠰᠢᠶᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠲᠥᠪ ᠲᠤ ︽ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ᠂ ᠡᠮᠡᠭᠲᠡᠶᠢᠴᠦᠳ ᠬᠤᠷᠢᠳᠤᠭᠠᠷ | ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠲᠥᠪ ᠲᠤ᠂ ᠲᠠᠶᠢᠯᠪᠤᠷᠢᠯᠠᠭᠴᠢ | ᠤᠯᠠᠨ ᠢ ᠳᠠᠭᠠᠭᠤᠯᠤᠨ ᠨᠠᠮ ᠤᠨ ᠰᠦᠯᠳᠡ ᠪᠠᠷ ᠠᠶᠠᠯᠠᠯ ᠢᠶᠠᠨ ᠭᠡᠶᠢᠭᠦᠯᠬᠦ᠂ ᠰᠢᠷᠦᠭᠦᠨ ᠭᠠᠯ ᠢᠶᠠᠷ ᠰᠢᠵᠢᠷ ᠠᠯᠳᠠ ᠶᠢ | ᠪᠣᠯᠪᠠᠰᠤᠷᠠᠭᠤᠯᠬᠤ᠂ ᠮᠠᠭᠤ ᠰᠠᠨᠠᠭ᠎ᠠ ᠨᠢᠭᠡ ᠨᠠᠰᠤ ᠶᠢ ᠰᠦᠢᠳᠬᠡᠬᠦ᠂ ᠬᠠᠯᠠᠭᠤᠨ ᠨᠡᠷᠡᠨ ᠤ ᠲᠤᠶᠠᠭ᠎ᠠ ᠭᠠᠯ ᠠᠴᠠ | ᠢᠯᠡᠭᠦᠦ᠂ ᠴᠢᠩ ᠦᠨᠡᠨᠴᠢ ᠰᠡᠳᠬᠢᠯ ᠵᠡᠷᠭᠡ ᠠᠳᠠᠯᠢ ᠪᠤᠰᠤ ᠠᠭᠤᠯᠭ᠎ᠠ ᠲᠠᠢ ᠦᠵᠡᠭᠦᠯᠦᠯᠭᠡ ᠶᠢᠨ ᠲᠢᠩᠬᠢᠮ ᠢ | ᠲᠣᠭᠤᠷᠢᠨ ᠦᠵᠡᠪᠡ᠃ ᠦᠵᠡᠭᠦᠯᠦᠯᠭᠡ ᠶᠢᠨ ᠰᠠᠮᠪᠠᠷ᠎ᠠ᠂ ᠵᠢᠷᠤᠭ᠂ ᠳᠦᠷᠰᠦ ᠰᠢᠩᠭᠡᠭᠡᠯᠲᠡ ᠪᠣᠯᠭᠠᠨ ᠤ ᠡᠮᠦᠨ᠎ᠡ | ᠨᠠᠮ ᠤᠨ ᠭᠡᠰᠢᠭᠦᠳ ᠴᠥᠮ ᠥᠪᠡᠷ ᠤᠨ ᠡᠷᠬᠡ ᠦᠭᠡᠢ ᠬᠥᠯ ᠢᠶᠠᠨ ᠬᠤᠷᠢᠶᠠᠵᠤ᠂ ᠰᠠᠳᠬᠢᠯ ᠲᠡᠯᠪᠢᠨ ᠰᠣᠨᠣᠰᠤᠨ᠂ | ᠨᠠᠷᠢᠨ ᠬᠢᠨᠠᠮᠠᠭᠠᠢ ᠦᠵᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠯᠵᠠᠷᠠᠯ ᠢ ᠡᠰᠡᠷᠭᠦᠴᠡᠨ ᠠᠷᠢᠭᠤᠨ | ᠴᠢᠬᠡᠴᠢ ᠶᠢ ᠡᠷᠬᠢᠮᠯᠡᠭᠰᠡᠨ ᠲᠡᠦᠬᠡᠨ ᠶᠠᠪᠤᠴᠠ ᠶᠢ ᠡᠷᠭᠢᠴᠡᠭᠦᠯᠦᠨ ᠪᠤᠳᠤᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠠᠴᠠ ᠣᠶᠤᠨ ᠰᠠᠨᠠᠭᠠᠨ ᠤ ᠬᠦᠴᠦᠨ ᠴᠢᠳᠠᠯ ᠣᠯᠵᠤ᠂ ᠱᠠᠮᠰᠢᠵᠤ ᠢᠯᠵᠠᠷᠠᠨ | ᠳᠣᠷᠦ᠋ᠢᠳᠠᠭᠰᠠᠨ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂ ᠨᠢᠭᠡ ᠨᠢᠭᠡ | ᠠᠮᠢᠳᠤᠯᠢᠭ ᠬᠡᠷᠡᠭ ᠤᠳ ᠢᠶᠠᠷ ᠨᠠᠮ ᠤᠨ ᠭᠡᠰᠢᠭᠦᠨ ᠺᠠᠳ᠋ᠷᠴᠤᠳ ᠲᠤ ᠰᠡᠷᠡᠮᠵᠢ ᠶᠢᠨ ᠳᠣᠬᠢᠶ᠎ᠠ ᠥᠭᠴᠦ᠂ ︽ | ᠬᠡᠷᠡᠭ ᠢᠶᠠᠷ ᠲᠣᠯᠢ ᠪᠣᠯᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ︾ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠦᠨᠡᠨᠬᠦ ᠪᠠᠳᠠᠷᠠᠭᠤᠯᠵᠠᠶ᠃ | ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂ ᠪᠦᠬᠦ ᠨᠠᠮ ᠤᠨ ᠭᠡᠰᠢᠭᠦᠨ ᠨᠠᠮ ᠤᠨ ᠲᠤᠭ ᠤᠨ ᠡᠮᠦᠨ᠎ᠡ | ᠬᠠᠨᠳᠤᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠥᠷᠭᠡᠨ ᠤᠯᠠᠨ ᠨᠠᠮ ᠤᠨ | ᠭᠡᠰᠢᠭᠦᠨ ᠢ ᠥᠪᠡᠷ ᠤᠨ ᠲᠥᠪ ᠴᠢᠩᠭ᠎ᠠ ᠠᠮᠠᠯᠠᠯᠲᠠ ᠪᠠᠨ ᠨᠡᠩ ᠪᠠᠲᠤ ᠴᠡᠭᠡᠵᠢᠯᠡᠭᠦᠯᠵᠦ᠂ ᠴᠠᠭ ᠢᠮᠠᠭᠲᠠ ᠨᠠᠮ ᠤᠨ | ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠨᠠᠮ ᠤᠨ ᠭᠡᠰᠢᠭᠦᠨ ᠤ ᠮᠥᠨ ᠴᠢᠨᠠᠷ ᠢᠶᠠᠨ | ᠡᠭᠦᠷᠢᠳᠡ ᠬᠠᠳᠠᠭᠠᠯᠠᠬᠤ ᠪᠠᠷ ᠵᠣᠷᠢᠪᠠ᠃ | ᠡᠭᠦᠷᠢᠳᠡ ᠪᠡᠶ᠎ᠡ ᠪᠠᠨ ᠪᠠᠷᠢᠬᠤ ᠰᠡᠳᠬᠢᠯ ᠢ ᠡᠪᠦᠷᠯᠡᠵᠦ᠂ ᠡᠭᠦᠷᠢᠳᠡ ᠬᠤᠪᠳᠤᠭ ᠰᠢᠨᠤᠯ ᠤᠨ ᠬᠤᠣᠷ | ᠬᠥᠨᠥᠭᠡᠯ ᠢ ᠪᠣᠳᠣᠬᠤ ᠬᠡᠷᠡᠭᠲᠡᠶ᠃ ᠬᠤᠸᠠᠳᠧ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ | ᠡᠭᠦᠷ ᠤᠨ ᠬᠢᠨ ᠲᠤᠰ ᠤᠳᠠᠭ᠎ᠠ ᠶᠢᠨ ᠰᠡᠷᠡᠮᠵᠢᠯᠡᠭᠦᠯᠬᠦ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ ᠪᠠᠷ ᠠᠵᠠ | ᠲᠣᠬᠢᠶᠠᠯ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ | ᠵᠢᠯᠣᠭᠤᠳᠴᠤ᠂ ᠥᠪᠡᠷ ᠤᠨ ᠪᠡᠶ᠎ᠡ ᠠᠴᠠ ᠪᠠᠨ ᠡᠬᠢᠯᠡᠵᠦ᠂ ᠵᠢᠵᠢᠭ ᠰᠠᠵᠢᠭ ᠵᠦᠢᠯ ᠠᠴᠠ ᠡᠬᠢᠯᠡᠵᠦ᠂ ᠬᠦᠰᠡᠯᠡᠩ | ᠢᠲᠡᠭᠡᠯ ᠵᠣᠷᠢᠭ ᠪᠣᠯᠤᠨ ᠡᠮᠡᠭᠲᠡᠶ ᠬᠥᠮᠦᠨ ᠠᠮᠵᠢᠯᠲᠠ ᠪᠦᠲᠦᠭᠡᠯ ᠲᠠᠢ ᠦᠶ᠎ᠡ ᠳᠤ ᠡᠷᠡᠭᠲᠡᠶ ᠬᠥᠮᠦᠨ ᠠᠴᠠ ᠳᠤᠲᠠᠬᠤ | ᠦᠭᠡᠢ ᠪᠠᠶᠢᠳᠠᠭ ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤᠳᠬᠠᠵᠤ᠂ ᠰᠢᠨ᠎ᠡ ᠴᠠᠭ ᠦᠶ᠎ᠡ ᠶᠢᠨ ︽ᠰᠢᠯᠭᠠᠯᠲᠠ ᠳᠤ | ᠣᠷᠣᠯᠴᠠᠬᠤ︾ ᠵᠠᠮ ᠳᠡᠭᠡᠷ᠎ᠡ ᠪᠢᠰᠢᠷᠡᠨ ᠵᠢᠷᠦᠬᠡᠰᠢᠶᠡᠬᠦ ᠪᠠᠨ ᠮᠡᠳᠡᠵᠦ᠂ ᠰᠡᠷᠡᠮᠵᠢᠯᠡᠬᠦ ᠪᠠᠨ ᠮᠡᠳᠡᠵᠦ᠂ ᠬᠤᠷᠢᠭ᠎ᠠ | ᠱᠤᠭᠤᠮ ᠢᠶᠠᠨ ᠲᠣᠳᠣᠷᠬᠠᠶᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠤᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |