ᠰᠦᠢ ᠸᠧᠢ ᠵᠢᠶᠦ᠋ᠨ ᠵᠦᠸᠧᠽᠢ ᠰᠢᠶᠠᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/11
   7 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠵᠦᠸᠧᠽᠢ ᠰᠢᠶᠠᠨ ᠳᠤ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠬᠠᠮᠠᠭᠠᠯᠠᠬᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠪᠠ᠃    ᠰᠦᠢ ᠸᠧᠢ ᠵᠢᠶᠦ᠋ᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢ ᠪᠠᠲᠤ ᠪᠤᠢ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠲᠤᠬᠠᠢ ᠶᠢᠨ ᠭᠠᠵᠠᠷ ᠤᠨ ᠲᠡᠦᠬᠡ ᠰᠣᠶᠣᠯ ᠢ ᠭᠦᠨᠵᠡᠭᠡᠢ ᠠᠭᠤᠳᠠᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠨᠡᠭᠡᠭᠡᠨ ᠠᠰᠢᠭᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠨᠢᠭᠡ ᠪᠦᠯᠦᠭ ᠣᠷᠣᠯᠴᠠᠵᠤ ᠪᠣᠯᠬᠤ᠂ ᠪᠡᠶᠡᠴᠢᠯᠡᠨ ᠣᠶᠢᠯᠠᠭᠠᠵᠤ ᠪᠣᠯᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢᠨ ᠬᠠᠮᠲᠤ᠂ ᠡᠷᠬᠢᠨ ᠲᠣᠭᠤᠷᠢᠨ ᠤ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ ᠂ ᠬᠥᠳᠡᠭᠡ ᠲᠣᠰᠬᠤᠨ ᠤ ᠬᠡᠷ ᠪᠦᠯᠢ ᠶᠢᠨ ᠵᠤᠭᠠᠴᠠᠯ᠂ ᠰᠤᠳᠤᠯᠤᠨ ᠰᠤᠷᠤᠯᠴᠠᠬᠤ ᠵᠤᠭᠠᠴᠠᠯ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠦᠢᠯᠡᠳᠬᠦᠨ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠬᠡᠷᠡᠭᠲᠡᠶ᠃ ᠵᠤᠭᠠᠴᠠᠯ ᠤᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠦᠨᠵᠡᠭᠡᠢ ᠠᠭᠤᠰᠤᠯᠴᠠᠯ ᠤᠨ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠤᠨᠴᠠᠯᠢᠬᠳᠤ ᠠᠵᠤ ᠦᠢᠯᠡᠰ᠂ ᠰᠣᠶᠣᠯ ᠵᠤᠭᠠᠴᠠᠯ ᠵᠡᠷᠭᠡ ᠡᠯ᠎ᠡ ᠵᠦᠢᠯ ᠤᠨ ᠠᠵᠢᠯ ᠢ ᠬᠠᠮᠵᠢᠯᠴᠠᠨ ᠠᠬᠢᠭᠤᠯᠵᠤ᠂ ᠰᠣᠶᠣᠯ ᠵᠤᠭᠠᠴᠠᠯ ᠤᠨ ᠠᠵᠤ ᠦᠢᠯᠡᠰ ᠢ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠪᠣᠯᠭᠠᠵᠤ᠂ ᠰᠣᠶᠣᠯ ᠵᠤᠭᠠᠴᠠᠯ ᠤᠨ ᠠᠭᠤᠰᠤᠯᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠭᠦᠨᠵᠡᠭᠡᠢ ᠨᠠᠷᠢᠯᠢᠭ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠲᠠ ᠶᠢᠨ ᠤᠳᠤᠷᠢᠳᠤᠯᠭ᠎ᠠ ᠯᠢᠦ ᠭᠦᠸᠧ ᠭᠠᠩ᠂ ᠶᠤᠸᠠᠨ ᠰᠢᠶᠤᠤ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2