ᠹᠧᠩᠵᠧᠨ ᠬᠤᠲᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠢ ᠶᠢᠨ ᠲᠠᠯᠠᠪᠤᠷ ᠤᠨ ᠠᠬᠢᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/11
  7 ᠰᠠᠷ᠎ᠠ ᠶᠢᠨ 6 ᠤ ᠡᠳᠦᠷ᠂ ᠹᠧᠩᠵᠧᠨ ᠬᠤᠲᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠢ ᠶᠢᠨ ᠲᠠᠯᠠᠪᠤᠷ ᠤᠨ ᠠᠬᠢᠭᠤᠯᠤᠯᠳᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠶᠢᠩ ᠬᠤᠷᠠᠯ ᠳᠤ ᠣᠷᠣᠯᠴᠠᠪᠠ᠃   ᠸᠠᠩ ᠵᠧᠨ ᠬᠠᠢ᠂ ᠯᠢ ᠶᠢᠩ ᠨᠠᠷ ᠤᠷᠢᠳ ᠬᠤᠵᠢᠳ ᠬᠤᠸᠠ ᠯᠢᠨ ᠬᠡᠳᠦ ᠳᠡᠯᠭᠡᠭᠦᠷ᠂ ᠬᠤᠸᠠ ᠯᠢᠨ ᠬᠤᠳᠠᠯᠳᠤᠭᠠᠨ ᠤ ᠠᠰᠠᠷ᠂ ᠳᠤᠮᠳᠠᠳᠤ ᠤᠯᠤᠰ ᠤᠨ ᠪᠠᠩᠬᠢ ᠶᠢᠨ ᠹᠧᠩᠵᠧᠨ ᠰᠠᠯᠪᠤᠷᠢ ᠪᠠᠩᠬᠢ᠂ ᠠᠷᠠᠳ ᠤᠨ ᠴᠡᠴᠡᠷᠯᠢᠭ᠂ ᠵᠢᠤ ᠹᠦ᠋ ᠰᠠᠭᠤᠭᠠᠯᠢ ᠲᠣᠭᠤᠷᠢᠭ᠂ ᠶᠢᠩ ᠪᠢᠨ ᠨᠡᠶᠢᠭᠡᠮ ᠲᠣᠭᠤᠷᠢᠭ᠂ ᠪᠠᠷᠠᠭᠤᠨ ᠰᠢᠨ ᠵᠢᠶᠠᠨ ᠵᠡᠭᠡᠯᠢ ᠶᠢᠨ ᠲᠦᠩ ᠵᠢᠶᠠᠨ ᠭᠤᠳᠤᠮᠵᠢ᠂ ᠰᠢᠨ ᠴᠧᠩ ᠠᠭᠤᠳᠠᠮ ᠲᠠᠯᠠᠪᠠᠢ᠂ ᠭᠠᠯᠲᠤ ᠲᠡᠷᠭᠡᠨ ᠦᠷᠳᠡᠭᠡ᠂ ᠶᠢᠩ ᠪᠢᠨ ᠵᠠᠬ᠎ᠠ ᠳᠡᠯᠭᠡᠭᠦᠷ᠂ ᠵᠢᠦᠢ ᠪᠦᠦ ᠵᠤᠸᠠᠩ ᠲᠣᠰᠬᠤᠨ ᠵᠡᠷᠭᠡ ᠭᠠᠵᠠᠷ ᠲᠤ ᠬᠦᠷᠴᠡᠢ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠭᠦᠳᠦᠨ ᠪᠠᠶᠢᠭᠤᠯᠬᠤ ᠠᠵᠢᠯ ᠤᠨ ᠳᠤᠮᠳᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠵᠢᠭᠠᠵᠤ ᠭᠠᠷᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠪᠣᠳᠠᠲᠠᠢ ᠰᠠᠨᠠᠯ ᠪᠠ ᠱᠠᠭᠠᠷᠳᠠᠯᠭ᠎ᠠ ᠳᠤᠷᠠᠳᠪᠡ᠃   ᠬᠤᠷᠠᠯ ᠠᠴᠠ᠂ 2022 ᠣᠨ ᠪᠣᠯ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ ᠵᠢᠯ ᠮᠥᠨ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠵᠠᠪᠠᠯ ︽ᠢᠯᠠᠭᠳᠠᠵᠤ ᠳᠡᠶᠢᠯᠬᠦ ᠦᠭᠡᠢ︾ ᠲᠦᠭᠰᠢᠭᠦᠷᠢᠲᠦ ᠰᠡᠳᠬᠢᠯᠭᠡ᠂ ︽ᠰᠠᠭᠤᠵᠤ ᠳᠡᠶᠢᠯᠬᠦ ᠦᠭᠡᠢ︾ ᠪᠠᠴᠢᠮ ᠲᠤᠯᠭᠠᠮ᠎ᠠ ᠰᠡᠳᠬᠢᠯᠭᠡ᠂ ︽ᠤᠳᠠᠭᠠᠰᠢᠷᠠᠭᠤᠯᠵᠤ ᠪᠣᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠬᠤᠲᠠ ᠬᠥᠳᠡᠭᠡ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠯᠳᠡ᠂ ᠣᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠳᠡ᠂ ᠭᠤᠣᠯ ᠰᠡᠳᠦᠪᠲᠦ ᠬᠥᠮᠦᠵᠢᠯ ᠤᠨ ᠦᠢᠯᠡᠳᠦᠯᠭᠡ᠂ ᠬᠠᠤᠯᠢᠵᠢᠯ ᠤᠨ ᠤᠬᠠᠭᠤᠯᠭ᠎ᠠ ᠵᠡᠷᠭᠡ ᠠᠯᠢ ᠣᠯᠠᠨ ᠬᠤᠲᠠ ᠪᠠᠶᠢᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠤᠲᠠ ᠶᠢᠨ ᠳᠦᠷᠢ ᠲᠥᠷᠬᠦ ᠪᠠ ᠦᠨᠦᠷ ᠠᠮᠲᠠ ᠶᠢ ᠢᠯᠡᠳᠲᠡ ᠳᠡᠭᠡᠭᠰᠢᠯᠡᠭᠦᠯᠦᠨ᠂ ︽ᠡᠭᠦᠳᠪᠡᠯ ᠯᠠᠪᠲᠠᠢ ᠪᠦᠲᠦᠬᠦ ︾ ᠢᠲᠡᠭᠡᠯ ᠵᠣᠷᠢᠭ ᠢ ᠨᠠᠩ ᠪᠠᠲᠤᠳᠬᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃   ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠨᠢᠭᠲᠠ ᠬᠠᠮᠵᠢᠯᠴᠠᠨ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠶᠡᠷᠦᠩᠬᠡᠶᠢᠯᠡᠨ ᠵᠠᠰᠠᠬᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠤ ᠬᠤᠳᠠ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠳᠤᠲᠠᠭᠳᠠᠯ ᠢᠶᠠᠨ ᠪᠠᠶᠢᠴᠠᠭᠠᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠬᠤᠳᠠ ᠪᠠᠶᠢᠭᠤᠯᠬᠤ ᠠᠵᠢᠯ ᠤᠨ ᠲᠥᠰᠥᠯ ᠢ ᠴᠢᠩᠭ᠎ᠠ ᠵᠢᠷᠤᠮᠯᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠬᠤᠳᠠ ᠶᠢᠨ ᠴᠢᠳᠠᠪᠬᠢ ᠴᠢᠨᠠᠷ ᠴᠢᠨᠰᠠᠭ᠎ᠠ ᠪᠣᠯᠣᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠪᠠᠰᠤᠨ ᠬᠤᠳᠠ ᠶᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠳᠡᠢ ᠭᠡᠵᠤ ᠴᠢᠬᠤᠯᠠᠴᠢᠯᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2