ᠤᠯᠠᠭᠠᠨᠴᠠᠪ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠳᠤ ᠲᠣᠬᠢᠷᠠᠭᠤᠯᠤᠯᠲᠠ ᠬᠢᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/7/12
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ︾ ᠤᠨ ᠲᠣᠭᠲᠠᠭᠠᠯ ᠶᠣᠰᠣᠭᠠᠷ᠂ ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠤᠯᠠᠭᠠᠨᠴᠠᠪ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠮᠢᠶ᠎ᠠ ᠪᠥᠬᠦᠶ ᠮᠠᠲ᠋ᠧᠷᠢᠶᠠᠯ ᠢ ᠬᠢᠨᠠᠨ ᠪᠠᠶᠢᠴᠠᠭᠠᠪᠠ᠃ ᠡᠳᠦᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠤᠯᠠᠭᠠᠨᠴᠠᠪ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠬᠠᠤᠯᠢ ᠴᠠᠭᠠᠵᠠ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠪᠠᠷ ᠲᠣᠭᠲᠠᠭᠠᠪᠠ᠃      ᠤᠯᠠᠭᠠᠨᠴᠠᠪ ᠬᠤᠲᠠ ᠶᠢᠨ ᠲᠣᠰ ᠱᠠᠲᠤᠨ ᠤ 33 ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢ ᠬᠤᠪᠢᠷᠠᠭᠤᠯᠬᠤ ᠥᠬᠡᠶ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢ ᠤᠤᠯ ᠤᠨ 16 ᠪᠠᠶᠢᠭᠰᠠᠨ ᠢ 17 ᠪᠣᠯᠭᠠᠨ ᠳᠣᠭᠢᠷᠠᠭᠤᠯᠵᠤ᠂ ᠳᠣᠭᠢᠷᠠᠭᠤᠯᠤᠭᠰᠠᠨ ᠤ ᠳᠠᠷᠠᠭᠠᠬᠢ ᠤᠯᠠᠭᠠᠨᠴᠠᠪ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠳᠣᠤᠷᠠᠬᠢ ᠮᠡᠲᠦ ᠪᠣᠯᠭᠠᠪᠠ᠄      ᠨᠢᠭᠡ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ︵33 ᠪᠠᠶᠢᠭᠤᠯᠭ᠎ᠠ︶      1. ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶      2. ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ      3. ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ      4. ᠤᠯᠠᠭᠠᠨᠴᠠᠪ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ      5. ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶      6. ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ      7. ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ      8. ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ      9. ᠤᠯᠠᠭᠠᠨᠴᠠᠪ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ      10. ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ      11. ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶      12. ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ︶      13. ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ      14. ᠤᠯᠠᠭᠠᠨᠴᠠᠪ ᠬᠤᠲᠠ ᠶᠢᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ      15. ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ      16. ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ      17. ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ      18. ᠤᠯᠠᠭᠠᠨᠴᠠᠪ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ      19. ᠤᠯᠠᠭᠠᠨᠴᠠᠪ ᠬᠤᠲᠠ ᠶᠢᠨ ᠬᠢᠨᠠᠨ ᠪᠤᠳᠤᠬᠤ ᠲᠣᠪᠴᠢᠶ᠎ᠠ      20. ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ      21. ᠤᠯᠠᠭᠠᠨᠴᠠᠪ ᠬᠤᠳᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ      22. ᠤᠯᠠᠭᠠᠨᠴᠠᠪ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ      23. ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      24. ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ      25. ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠭᠠᠳᠠᠭᠠᠳᠤ ᠶᠠᠪᠤᠳᠠᠯ ᠤᠨ ᠠᠯᠪᠠᠨ ᠭᠡᠷ ᠲᠤ ᠫᠠᠶᠢᠰᠠ ᠡᠯᠭᠦᠪᠡ︶      26. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ      27. ᠤᠯᠠᠭᠠᠨᠴᠠᠪ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ      28. ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠤᠯᠤᠰ ᠤᠨ ᠠᠮᠤᠷ ᠲᠦᠪᠰᠢᠨ ᠤ ᠲᠣᠪᠴᠢᠶ᠎ᠠ      29. ᠤᠯᠠᠭᠠᠨᠴᠠᠪ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ︵ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤ ᠫᠠᠶᠢᠰᠠ ᠡᠯᠭᠦᠪᠡ︶      30. ᠤᠯᠠᠭᠠᠨᠴᠠᠪ ᠬᠤᠲᠠ ᠶᠢᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ︵ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠫᠠᠶᠢᠰᠠ ᠡᠯᠭᠦᠪᠡ︶      31. ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ      32. ᠤᠯᠠᠭᠠᠨᠴᠠᠪ ᠬᠤᠲᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ︵ᠬᠤᠲᠠ ᠶᠢᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ ᠳᠤ ᠫᠠᠶᠢᠰᠠ ᠡᠯᠭᠦᠪᠡ︶      33. ᠤᠯᠠᠭᠠᠨᠴᠠᠪ ᠬᠤᠲᠠ ᠶᠢᠨ ᠳᠠᠩᠰᠠ ᠡᠪᠬᠡᠮᠡᠯ ᠤᠨ ᠲᠣᠪᠴᠢᠶ᠎ᠠ ︵ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠲᠤ ᠫᠠᠶᠢᠰᠠ ᠡᠯᠭᠦᠪᠡ︶      ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ︵17 ᠵᠦᠢᠯ︶      1. ᠤᠯᠠᠭᠠᠨᠴᠠᠪ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ      2. ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ      3. ᠤᠯᠠᠭᠠᠨᠴᠠᠪ ᠬᠤᠲᠠ ᠶᠢᠨ ᠭᠠᠯ ᠤᠨᠲᠠᠷᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ      4. ᠤᠯᠠᠭᠠᠨᠴᠠᠪ ᠬᠤᠲᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ      5. ᠤᠯᠠᠭᠠᠨᠴᠠᠪ ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ︵ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ ᠲᠤ ᠫᠠᠶᠢᠰᠠ ᠡᠯᠭᠦᠪᠡ︶      6. ᠤᠯᠠᠭᠠᠨᠴᠠᠪ ᠬᠤᠲᠠ ᠶᠢᠨ ᠬᠠᠷᠢᠶᠠᠲᠤ ᠨᠠᠷ ᠤᠨ ᠶᠠᠪᠤᠳᠠᠯ ᠤᠨ ᠠᠯᠪᠠᠨ ᠭᠡᠷ ︵ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠫᠠᠶᠢᠰᠠ ᠡᠯᠭᠦᠪᠡ︶      7. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ      8. ᠤᠯᠠᠭᠠᠨᠴᠠᠪ ᠬᠤᠲᠠ ᠶᠢᠨ ᠴᠠᠭ ᠠᠭᠤᠷ ᠤᠨ ᠲᠣᠪᠴᠢᠶ᠎ᠠ      9. ᠤᠯᠠᠭᠠᠨᠴᠠᠪ ᠬᠤᠲᠠ ᠶᠢᠨ ᠭᠠᠵᠠᠷ ᠬᠥᠳᠡᠯᠦᠯᠲᠡ ᠶᠢᠨ ᠲᠣᠪᠴᠢᠶ᠎ᠠ      10. ᠤᠯᠠᠭᠠᠨᠴᠠᠪ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ      11. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ  ᠤᠯᠠᠭᠠᠨᠴᠠᠪ ᠤᠨ ᠬᠤᠪᠢᠶᠠᠷᠢ ᠲᠣᠪᠴᠢᠶ᠎ᠠ      12. ᠤᠯᠠᠭᠠᠨᠴᠠᠪ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠤᠯ ᠤᠨ ᠮᠥᠩᠭᠦ ᠶᠢᠨ ᠲᠥᠪ      13. ᠤᠯᠠᠭᠠᠨᠴᠠᠪ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ      14. ᠤᠯᠠᠭᠠᠨᠴᠠᠪ ᠬᠤᠲᠠ ᠶᠢᠨ ᠤᠷᠭᠤᠮᠠᠯ ᠤᠨ ᠬᠠᠮᠠᠭᠠᠯᠠᠯᠲᠠ ᠪᠠᠶᠢᠴᠠᠭᠠᠯᠲᠠ ᠶᠢᠨ ᠥᠷᠲᠡᠭᠡ      15. ᠤᠯᠠᠭᠠᠨᠴᠠᠪ ᠬᠤᠲᠠ ᠶᠢᠨ ᠵᠢᠭᠠᠰᠤᠨ ᠠᠵᠤ ᠠᠬᠤᠶ ᠶᠢᠨ ᠬᠥᠭᠵᠢᠯᠲᠡ ᠶᠢᠨ ᠲᠥᠪ      16. ᠤᠯᠠᠭᠠᠨᠴᠠᠪ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠰᠢᠯᠭᠠᠨ ᠪᠠᠶᠢᠴᠠᠭᠠᠬᠤ ᠲᠥᠪ      17. ᠤᠯᠠᠭᠠᠨᠴᠠᠪ ᠬᠤᠲᠠ ᠶᠢᠨ ᠡᠨᠧᠷᠭᠢ ᠠᠷᠪᠢᠯᠠᠬᠤ ᠲᠥᠪ      ᠭᠤᠷᠪᠠ᠂ ᠬᠤᠯᠪᠣᠭᠳᠠᠯ ᠪᠦᠬᠦᠢ ᠶᠠᠪᠤᠳᠠᠯ      ︵ᠨᠢᠭᠡ︶ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠠᠶᠢᠳᠠᠯᠭ᠎ᠠ ᠶᠢ ᠥᠷᠨᠢᠭᠦᠯᠬᠦ ᠳᠤ᠂ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠯᠤᠭ᠎ᠠ ᠪᠢᠴᠢᠭ ᠤᠨ ᠬᠡᠯᠪᠡᠷᠢ ᠶᠢᠨ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠵᠤ᠂ ᠨᠠᠶᠢᠳᠠᠯᠭ᠎ᠠ ᠬᠦᠯᠢᠶᠡᠭᠰᠡᠨ ᠭᠤᠤᠯ ᠴᠣᠭᠴᠠ ᠪᠠ ᠨᠠᠶᠢᠳᠠᠭᠰᠠᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠰᠦᠯᠵᠢᠶᠡᠨ ᠳᠡᠭᠡᠷ᠎ᠡ ᠪᠤᠶᠤ ᠵᠠᠭᠤᠴᠢᠯᠠᠭᠤᠷ ᠲᠤ ᠢᠯᠡ ᠪᠣᠯᠭᠠᠬᠤ ᠶᠢᠨ ᠬᠠᠮᠲᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ︵ᠬᠤᠶᠠᠷ︶ ᠬᠤᠲᠠ ᠶᠢᠨ ᠨᠠᠮ ᠤᠨ ᠬᠤᠷᠢᠶ᠎ᠠ ᠶᠢᠨ ᠠᠵᠢᠯᠯᠠᠬᠤ ᠪᠠᠶᠢᠭᠤᠯᠭ᠎ᠠ ᠳᠤ ᠫᠠᠶᠢᠰᠠ ᠡᠯᠭᠦᠭᠰᠡᠨ ᠪᠠᠶᠢᠭᠤᠯᠤᠮᠵᠢ ᠨᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠫᠠᠶᠢᠰᠠ ᠡᠯᠭᠦᠭᠰᠡᠨ ᠪᠠᠶᠢᠭᠤᠯᠤᠮᠵᠢ ᠶᠢᠨ ᠨᠡᠷ᠎ᠡ ᠪᠠᠷ ᠭᠠᠳᠠᠭᠰᠢ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃      ︵ᠭᠤᠷᠪᠠ︶ ᠲᠣᠰ ᠤᠳᠠᠭᠠᠨ ᠤ ᠨᠡᠶᠢᠲᠡᠯᠡᠭᠰᠡᠨ ᠬᠠᠤᠯᠢ ᠬᠡᠷᠡᠭᠵᠢᠭᠦᠯᠬᠦ ᠭᠤᠤᠯ ᠴᠣᠭᠴᠠ ᠳᠤ ᠵᠢᠭᠰᠠᠭᠠᠨ ᠣᠷᠣᠭᠤᠯᠤᠭᠰᠠᠨ ᠥᠬᠡᠶ ᠬᠠᠤᠯᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠴᠥᠮ ᠬᠢᠵᠦ ᠪᠣᠯᠬᠤ ᠥᠬᠡᠶ᠃ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠭᠤᠤᠯ ᠴᠣᠭᠴᠠ ᠶᠢᠨ ᠬᠢᠷᠢ ᠬᠡᠮ ᠢ ᠬᠦᠴᠦᠨ ᠥᠬᠡᠶ ᠪᠣᠯᠭᠠᠬᠤ ᠵᠡᠷᠭᠡ ᠪᠠᠶᠢᠳᠠᠯ ᠭᠠᠷᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠠᠭ ᠲᠤᠬᠠᠶ ᠳᠤᠨᠢ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠳᠠᠬᠢᠨ ᠬᠢᠨᠠᠨ ᠬᠠᠷᠭᠤᠭᠤᠯᠬᠤ ᠬᠡᠷᠡᠭᠲᠡᠶ᠃      ︵ᠲᠦᠷᠪᠡ︶ ᠲᠤᠰ ᠠᠯᠪᠠᠨ ᠵᠠᠷ ᠨᠢ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠃                                   ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ                                2022 ᠣᠨ ᠤ 6 ᠰᠠᠷ᠎ᠠ ᠶᠢᠨ 24
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2