ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠾᠦᠢ ᠮᠢᠨ | ᠠᠨ ᠵᠢᠦᠢ ᠲᠣᠭᠤᠷᠢᠭ ᠲᠤ ᠰᠠᠭᠤᠵᠤ ᠪᠠᠶᠢᠭ᠎ᠠ ᠵᠠᠶ ᠠᠪᠤᠭᠠᠶ ᠬᠡᠷ ᠲᠤᠨᠢ ᠴᠠᠬᠢᠯᠭᠠᠨ ᠠᠯᠳᠠᠭᠳᠠᠵᠤ᠂ | ᠭᠡᠷᠡᠯᠲᠦᠭᠦᠯᠭᠡ ᠶᠢᠨ ᠳ᠋ᠧᠩ ᠢ ᠤᠨᠲᠠᠷᠠᠭᠠᠬᠤ ᠳᠤ ᠤᠨᠲᠠᠷᠠᠬᠤ ᠥᠬᠡᠶ᠂ ᠤᠰᠤ ᠬᠠᠯᠠᠭᠠᠭᠤᠷ ᠲᠤ ᠴᠤ ᠴᠠᠬᠢᠯᠭᠠᠨ | ᠠᠯᠳᠠᠭᠳᠠᠵᠤ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠮᠡᠳᠡᠭᠡᠳ᠂ ᠰᠤᠷᠠᠭᠯᠠᠭᠰᠠᠨ ᠤ ᠳᠠᠷᠠᠭ᠎ᠠ ᠰᠠᠶ᠋ᠢ | ᠥᠪᠡᠷ ᠤᠨ ᠬᠡᠷ ᠪᠢᠰᠢ᠂ ᠣᠶᠢᠷ᠎ᠠ ᠬᠠᠪᠢ ᠶᠢᠨ ᠬᠥᠷᠰᠢ ᠵᠡᠷᠭᠡᠯᠡᠳᠡᠭᠡ ᠶᠢᠨ ᠴᠠᠬᠢᠯᠭᠠᠨ ᠬᠡᠷᠡᠭᠯᠡᠬᠦ ᠳᠤ ᠴᠦ ᠡᠶᠢᠮᠦ | ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠶ᠃ | ᠲᠡᠭᠡᠭᠡᠳ ᠵᠠᠶ ᠠᠪᠤᠭᠠᠶ 12345 ᠶᠢᠨ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠶᠢ | ᠤᠲᠠᠰᠤᠳᠠᠵᠤ ᠪᠠᠶᠢᠳᠠᠯ ᠢ ᠲᠤᠰᠬᠠᠨ ᠲᠣᠳᠣᠷᠬᠠᠶᠢᠯᠠᠵᠤ᠂ ᠴᠠᠬᠢᠯᠭᠠᠨ ᠬᠠᠩᠭᠠᠬᠤ ᠲᠣᠪᠴᠢᠶ᠎ᠠ ᠠᠴᠠ ᠰᠢᠶᠳᠪᠦᠷᠢᠯᠡᠵᠦ | ᠥᠭᠬᠦ ᠶᠢ ᠬᠦᠰᠡᠵᠡᠶ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ | ᠲᠣᠪᠴᠢᠶ᠎ᠠ ᠠᠷᠠᠳ ᠲᠤ ᠳᠦᠬᠦᠮ ᠦᠵᠡᠭᠦᠯᠬᠦ 12345 ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ | ᠠᠵᠢᠯ ᠰᠢᠯᠵᠢᠭᠦᠯᠬᠦ ᠬᠠᠭᠤᠳᠠᠰᠤ ᠶᠢ ᠳᠤᠰᠤᠭᠰᠠᠨ ᠤ ᠲᠠᠷᠠᠭ᠎ᠠ ᠴᠠᠭ ᠲᠤᠬᠠᠶ ᠳᠤᠨᠢ ᠠᠵᠢᠯᠲᠠᠨ ᠢ ᠲᠣᠮᠢᠯᠠᠨ | ᠲᠤᠬᠠᠶ ᠶᠢᠨ ᠲᠠᠯᠠᠪᠠᠢ ᠳᠤ ᠣᠴᠢᠭᠤᠯᠵᠤ᠂ ᠳᠤᠰ ᠵᠢᠵᠢᠭ ᠲᠣᠭᠤᠷᠢᠭ ᠢ ᠲᠣᠭᠤᠷᠢᠨ ᠪᠠᠶᠢᠴᠠᠭᠠᠵᠠᠶ᠃ ᠴᠠᠬᠢᠯᠭᠠᠨ | ᠤᠲᠠᠰᠤᠨ ᠤ ᠵᠠᠮ ᠪᠤᠳᠤᠯᠢᠶᠠᠨᠲᠠᠶ᠂ ᠬᠤᠯᠪᠣᠭᠳᠠᠭᠰᠠᠨ ᠡᠷᠦᠬᠡ ᠣᠯᠠᠨ ᠪᠣᠯᠬᠤᠷ ᠴᠠᠬᠢᠯᠭᠠᠨ ᠬᠠᠩᠭᠠᠬᠤ ᠬᠤᠪᠢᠶᠠᠷᠢ | ᠲᠣᠪᠴᠢᠶ᠎ᠠ ᠶᠢᠨ ᠠᠵᠢᠯᠲᠠᠳ ᠵᠥᠪᠬᠡᠨ ᠠᠰᠠᠷ ᠡᠷᠦᠬᠡ ᠳᠠᠷᠠᠭᠠᠯᠠᠨ ᠤᠲᠠᠰᠤ ᠶᠢ ᠨᠢ ᠲᠠᠰᠤᠯᠵᠤ ᠵᠢᠭᠰᠠᠭᠠᠨ | ᠪᠠᠶᠢᠴᠠᠭᠠᠵᠤ ᠯᠡ ᠪᠣᠯᠤᠨ᠎ᠠ᠃ ᠬᠥᠳᠡᠯᠮᠦᠷᠢ ᠬᠦᠮᠥᠨ ᠢ ᠭᠤᠮᠣᠳᠠᠭᠠᠬᠤ ᠦᠭᠡᠢ᠂ ᠡᠴᠦᠰ ᠲᠡᠭᠡᠨ 6 ᠳ᠋ᠤᠭᠠᠷ | ᠠᠰᠠᠷ ᠤᠨ 3 ᠳ᠋ᠤᠭᠠᠷ ᠬᠡᠰᠡᠭ ᠤᠨ ᠨᠢᠭᠡ ᠡᠷᠦᠬᠡ ᠰᠠᠭᠤᠭᠠᠯᠢ ᠠᠷᠠᠳ ᠭᠡᠷ ᠢᠶᠠᠨ ᠵᠠᠰᠠᠬᠤ ᠦᠶ᠎ᠡ ᠳᠤ | ᠳᠣᠲᠣᠭᠠᠳᠤ ᠶᠢᠨ ᠤᠲᠠᠰᠤ ᠶᠢ ᠨᠢ ᠪᠤᠷᠤᠭᠤ ᠵᠠᠯᠭᠠᠵᠤ᠂ ᠵᠢᠵᠢᠭ ᠲᠣᠭᠤᠷᠢᠭ ᠤᠨ ᠴᠠᠬᠢᠯᠭᠠᠨ ᠤ ᠲᠣᠣᠷ ᠤᠨ ᠠᠷᠭ᠎ᠠ | ᠪᠢᠯᠢᠭ ᠤᠨ ᠵᠠᠮ ᠢ ᠥᠭᠡᠷᠡᠲᠡᠭᠦᠯᠵᠦ᠂ ᠪᠤᠰᠤᠳ ᠰᠠᠭᠤᠭᠠᠯᠢ ᠠᠷᠠᠳ ᠤᠨ ᠭᠡᠷ ᠳᠠᠬᠢ ᠪᠢᠯᠢᠭ ᠤᠲᠠᠰᠤᠨ ᠳᠤ ᠴᠤ | ᠴᠠᠬᠢᠯᠭᠠᠨ ᠲᠠᠢ ᠪᠣᠯᠭᠠᠵᠤ᠂ ᠵᠢᠵᠢᠭ ᠲᠣᠭᠤᠷᠢᠭ ᠤᠨ ᠳᠣᠲᠣᠷᠠᠬᠢ ᠭᠤᠷᠪᠠᠨ ᠵᠠᠭᠤ ᠭᠠᠷᠤᠶ ᠡᠷᠦᠬᠡ ᠰᠠᠭᠤᠭᠠᠯᠢ | ᠠᠷᠠᠳ ᠤᠨ ᠬᠡᠪ ᠤᠨ ᠴᠠᠬᠢᠯᠭᠠᠨ ᠬᠡᠷᠡᠭᠯᠡᠬᠦ ᠶᠢ ᠨᠥᠯᠥᠭᠡᠯᠡᠭᠰᠡᠨ ᠢ ᠣᠯᠵᠤ ᠮᠡᠳᠡᠵᠡᠶ᠃ ᠵᠢᠭᠰᠠᠭᠠᠨ ᠪᠠᠶᠢᠴᠠᠭᠠᠭᠠᠳ | ᠠᠰᠠᠭᠤᠳᠠᠯ ᠢ ᠣᠯᠣᠭᠰᠠᠨ ᠤ ᠳᠠᠷᠠᠭ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠠᠵᠢᠯᠲᠠᠳ ᠰᠠᠭᠤᠭᠠᠯᠢ | ᠡᠷᠦᠬᠡ ᠳᠤ ᠴᠠᠬᠢᠯᠭᠠᠨ ᠬᠡᠯᠬᠢᠶ᠎ᠡ ᠶᠢ ᠴᠠᠭ ᠲᠤᠬᠠᠶ ᠳᠤᠨᠢ ᠰᠡᠯᠪᠢᠨ ᠵᠠᠰᠠᠵᠤ᠂ ᠪᠣᠶ ᠪᠥᠬᠦᠶ ᠰᠠᠭᠤᠭᠠᠯᠢ ᠠᠷᠠᠳ ᠤᠨ | ᠬᠡᠷ ᠤᠨ ᠬᠡᠷᠡᠭᠯᠡᠬᠦ ᠴᠠᠬᠢᠯᠭᠠᠨ ᠴᠤ ᠬᠡᠪ ᠤᠨ ᠪᠠᠶᠢᠳᠠᠯ ᠳᠠᠭᠠᠨ ᠣᠷᠣᠪᠠ᠃ ︽ᠠᠰᠠᠭᠤᠳᠠᠯ ᠢ ᠡᠶᠢᠮᠦ ᠲᠦᠷᠭᠡᠨ | ᠰᠢᠶᠳᠪᠦᠷᠢᠯᠡᠨ᠎ᠡ ᠭᠡᠵᠦ ᠪᠣᠳᠣᠵᠤ ᠣᠯᠤᠭᠰᠠᠨ ᠦᠭᠡᠶ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ | ᠠᠵᠢᠯᠲᠠᠳ ᠤᠨ ᠬᠠᠯᠠᠭᠤᠮᠰᠤᠭ ᠦᠢᠯᠡᠴᠢᠯᠡᠭᠡ ᠳᠤ ᠮᠠᠰᠢ ᠲᠠᠯᠠᠷᠬᠠᠵᠤ ᠪᠠᠶᠢᠨ᠎ᠠ᠂ 12345 ᠬᠠᠯᠠᠮᠰᠢᠯ ᠤᠨ | ᠤᠲᠠᠰᠤ ᠨᠢ ᠠᠷᠠᠳ ᠣᠯᠠᠨ ᠳᠤ ᠳᠥᠭᠦᠮ᠂ ᠲᠦᠷᠭᠡᠨ ᠪᠥᠭᠡᠳ ᠥᠨᠳᠥᠷ ᠪᠦᠲᠦᠮᠵᠢᠲᠡᠶ ᠰᠢᠨ᠎ᠡ ᠨᠡᠪᠲᠡᠷᠡᠯᠴᠡᠬᠦ | ᠠᠷᠭ᠎ᠠ ᠵᠠᠮ ᠬᠠᠩᠭᠠᠭᠰᠠᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ︾ ᠭᠡᠵᠦ ᠵᠠᠶ ᠠᠪᠤᠭᠠᠶ ᠰᠡᠳᠬᠢᠯ ᠳᠣᠭᠳᠣᠯᠤᠨ | ᠬᠡᠯᠡᠵᠤ ᠪᠠᠶᠢᠪᠠ᠃ | ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠵᠣᠪᠠᠨᠢᠯ ᠢ ᠠᠷᠢᠯᠭᠠᠵᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠬᠢᠨ 12345 ᠬᠠᠯᠠᠮᠰᠢᠯ ᠤᠲᠠᠰᠤ ᠤᠨ ᠠᠵᠢᠯ ᠤᠨ ᠭᠦᠢᠴᠡᠳᠬᠡᠯ ᠢ ᠴᠢᠩᠭ᠎ᠠ ᠠᠳᠬᠤᠨ | ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠳᠤᠷᠠᠳᠤᠭᠰᠠᠨ ᠵᠦᠢ ᠵᠣᠬᠢᠰᠲᠠᠶ ᠬᠦᠰᠡᠯ ᠱᠠᠭᠠᠷᠳᠠᠯᠭ᠎ᠠ ᠶᠢ | ᠬᠤᠭᠤᠴᠠᠭ᠎ᠠ ᠬᠢᠵᠠᠭᠠᠷᠯᠠᠨ ᠰᠢᠶᠳᠪᠦᠷᠢᠯᠡᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠲᠡᠷᠡ ᠳᠠᠷᠤᠶ ᠳᠤᠨᠢ | ᠬᠦᠯᠢᠶᠡᠨ ᠠᠪᠬᠤ᠂ ᠲᠡᠷᠡ ᠳᠠᠷᠤᠶ ᠳᠤᠨᠢ ᠬᠢᠨᠠᠨ ᠪᠠᠶᠢᠴᠠᠭᠠᠬᠤ᠂ ᠲᠡᠷᠡ ᠳᠠᠷᠤᠶ ᠳᠤᠨᠢ ᠰᠢᠶᠳᠪᠦᠷᠢᠯᠡᠬᠦ᠂ ᠲᠡᠷᠡ | ᠳᠠᠷᠤᠶ ᠳᠤᠨᠢ ᠬᠠᠷᠢᠭᠤ ᠥᠭᠬᠦ ᠶᠢ ᠦᠨᠡᠨ ᠬᠦ ᠪᠠᠲᠤᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠠ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠯᠠᠮᠰᠢᠯ ᠤᠲᠠᠰᠤ ᠶᠢ ᠦᠨᠡᠨ ᠬᠦ ᠠᠷᠠᠳ | ᠤᠯᠠᠨ ᠤ ᠢᠲᠡᠭᠡᠬᠦ᠂ ᠨᠠᠶᠢᠳᠠᠬᠤ᠂ ᠬᠦᠰᠡᠨ ᠡᠷᠡᠮᠡᠯᠵᠡᠬᠦ ︽ᠰᠡᠳᠬᠢᠯ ᠬᠤᠯᠪᠣᠬᠤ ᠱᠤᠭᠤᠮ︾᠂ ︽ᠰᠡᠳᠬᠢᠯ | ᠳᠤᠯᠠᠭᠠᠴᠠᠬᠤ ᠱᠤᠭᠤᠮ︾ ᠪᠣᠯᠭᠠᠬᠤ ᠬᠡᠷᠡᠭᠲᠡᠶ᠃ | | | | ᠤᠷᠴᠢᠭᠤᠯᠤᠭᠴᠢ᠄ ᠤᠳᠠ | ᠬᠢᠨᠠᠭᠴᠢ᠄ ᠠᠷᠢᠭᠤᠨ |