ᠣᠶᠢᠷ᠎ᠠ ᠳᠤ᠂ ᠯᠢᠶᠠᠩᠴᠧᠩ ᠰᠢᠶᠠᠨ ᠵᠢᠭᠡᠯᠡᠯᠭᠡ ᠶᠢᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠲᠠᠢ | ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ | ᠬᠠᠮᠲᠤᠷᠠᠯᠴᠠᠭᠠᠨ ᠤ ᠬᠡᠯᠡᠯᠴᠡᠭᠡᠷ ᠢ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠴᠣᠩᠬᠤᠪᠴᠢ ᠭᠠᠷᠭᠠᠨ | ᠲᠠᠷᠢᠶᠠᠴᠢᠨ ᠡᠷᠦᠬᠡ ᠶᠢᠨ ᠥᠪᠡᠰᠦᠪᠡᠨ ᠲᠤᠰᠢᠶᠠᠭᠰᠠᠨ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ | ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠭᠤᠶᠤᠴᠢᠯᠠᠯ ᠢ ᠬᠢᠨᠠᠨ ᠵᠥᠪᠰᠢᠶᠡᠷᠡᠭᠰᠡᠨ ᠪᠠ ᠲᠠᠨᠢᠯᠴᠠᠭᠤᠯᠤᠭᠰᠠᠨ | ᠪᠥᠭᠡᠳ ᠡᠯ᠎ᠡ ᠰᠢᠶᠠᠩ ᠪᠠᠯᠭᠠᠰᠤᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠬᠦᠷᠴᠦ ᠶᠠᠳᠠᠭᠤ ᠠᠴᠠ | ᠠᠩᠭᠢᠵᠢᠷᠠᠭᠤᠯᠤᠭᠰᠠᠨ ᠬᠥᠮᠦᠨ ᠠᠮᠠ ᠶᠢᠨ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠢᠨᠠᠨ ᠬᠠᠷᠭᠤᠭᠤᠯᠤᠭᠰᠠᠨ | ᠪᠠᠶᠢᠨ᠎ᠠ᠃ ᠣᠲᠣ ᠪᠣᠯᠲᠠᠯ᠎ᠠ᠂ 93 ᠡᠷᠦᠬᠡ ᠳᠡᠩᠰᠡᠯᠡᠨ ᠺᠠᠷᠲᠯᠠᠭᠰᠠᠨ ᠶᠠᠳᠠᠭᠤ ᠠᠴᠠ ᠠᠩᠭᠢᠵᠢᠷᠠᠭᠤᠯᠤᠭᠰᠠᠨ | ᠡᠷᠦᠬᠡ ᠳᠤ ᠪᠠᠭ᠎ᠠ ᠲᠣᠭᠠᠨ ᠤ ᠵᠢᠭᠡᠯᠡᠯᠭᠡ ᠭᠤᠶᠤᠴᠢᠯᠠᠬᠤ ᠪᠠᠷ ᠲᠠᠨᠢᠯᠴᠠᠭᠤᠯᠵᠤ᠂ 465 ᠲᠦᠮᠡᠨ ᠲᠥᠭᠦᠷᠢᠭ ᠤᠨ | ᠵᠢᠭᠡᠯᠡᠯᠭᠡ ᠶᠢᠨ ᠮᠥᠩᠭᠦ ᠭᠤᠶᠤᠴᠢᠯᠠᠵᠠᠶ᠃ ᠡᠨᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ | ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠬᠦ ᠳᠤ ᠢᠳᠡᠪᠬᠢᠲᠡᠶ ᠦᠶᠯᠡᠳᠦᠯ ᠦᠵᠡᠭᠦᠯᠵᠠᠢ᠃ | | | | ᠤᠷᠴᠢᠭᠤᠯᠤᠭᠴᠢ᠄ ᠤᠳᠠ | ᠬᠢᠨᠠᠭᠴᠢ᠄ ᠠᠷᠢᠭᠤᠨ |