ᠯᠢᠶᠠᠩᠴᠧᠩ ᠰᠢᠶᠠᠨ ᠤ 2022 ᠣᠨ ᠤ ᠳᠡᠭᠡᠷ᠎ᠡ ᠬᠠᠭᠠᠰ ᠵᠢᠯ ᠤᠨ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢᠨ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2022/7/14
     2022 ᠣᠨ ᠤ ᠳᠡᠭᠡᠷ᠎ᠡ ᠬᠠᠭᠠᠰ ᠵᠢᠯ ᠳᠤ᠂ ᠯᠢᠶᠠᠩᠴᠧᠩ ᠰᠢᠶᠠᠨ ᠤ ᠪᠥᠬᠦ ᠰᠢᠶᠠᠨ ᠤ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠵᠢᠱᠢᠯᠲᠡ ᠪᠠᠷ 25.37 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 3.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ︔ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 10.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ︔ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 11.42 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ᠃ ᠪᠥᠬᠦ ᠰᠢᠶᠠᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠨᠡᠶᠢᠲᠡ 14560 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.4% ᠪᠠᠷ ᠪᠠᠭᠤᠷᠠᠪᠠ᠃ ᠪᠥᠬᠦ ᠰᠢᠶᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠱᠢᠯᠲᠡ ᠪᠠᠷ 8.778 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠨ᠂ ᠨᠡᠶᠢᠲᠡ 49 ᠲᠥᠷᠥᠯ ᠵᠦᠶᠯ ᠳᠤ ᠬᠤᠯᠪᠣᠭᠳᠠᠵᠤ᠂ ᠭᠤᠤᠯᠳᠠᠭᠤ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠠᠵᠤ ᠦᠶᠯᠡᠳᠪᠦᠷᠢ᠂ ᠡᠮ ᠡᠮᠨᠡᠯᠭᠡ ᠵᠡᠷᠭᠡ ᠲᠠᠯ᠎ᠠ ᠳᠤ ᠲᠥᠪᠯᠡᠷᠡᠵᠦ ᠪᠠᠶᠢᠨ᠎ᠠ᠃ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠵᠢᠱᠢᠯᠲᠡ ᠪᠠᠷ 5.87 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 27.6% ᠪᠠᠷ ᠨᠡᠮᠡᠭᠳᠡᠨ᠂ ᠪᠥᠬᠦ ᠰᠢᠶᠠᠨ ᠤ ᠬᠡᠪᠴᠢᠶᠡᠵᠢᠯ ᠳᠤ ᠣᠷᠣᠭᠰᠠᠨ ᠠᠵᠤ ᠠᠬᠤᠶᠢᠯᠠᠯ ᠤᠨ ᠲᠤᠭ᠎ᠠ 2 ᠨᠡᠮᠡᠭᠳᠡᠭᠰᠡᠨ ᠪᠥᠭᠡᠳ ᠳᠠᠭ᠎ᠠ ᠶᠢᠨ ᠨᠠᠭᠤᠷ ᠤᠨ ᠴᠠᠬᠢᠯᠭᠠᠨ ᠤ ᠦᠶᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠡ ᠨᠡᠮᠡᠭᠳᠡᠵᠦ᠂ 6 ᠰᠠᠷ᠎ᠠ ᠶᠢᠨ ᠰᠡᠭᠦᠯᠴᠢ ᠪᠣᠯᠲᠠᠯ᠎ᠠ ᠨᠡᠶᠢᠲᠡ 57.3 ᠳ᠋ᠦᠩᠰᠢᠭᠤᠷ ᠭᠷᠠᠳᠦ᠋ᠰ ᠤᠨ ᠴᠠᠬᠢᠯᠭᠠᠨ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠵᠡᠶ᠃ ᠪᠥᠬᠦ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠵᠢᠱᠢᠯᠲᠡ ᠪᠠᠷ 5.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠪᠡ᠃ ᠪᠥᠬᠦ ᠰᠢᠶᠠᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ 17927 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ︔ ᠲᠠᠷᠢᠶᠠᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ 10862 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ᠃                                         ᠣᠷᠴᠢᠭᠤᠯᠤᠭᠴᠢ᠄ ᠤᠳᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2