ᠰᠢᠩ ᠾᠧ ᠰᠢᠶᠠᠨ ᠬᠤᠣᠷ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/15
     ᠰᠢᠩ ᠡᡁᠧ ᠰᠢᠶᠠᠨ ᠤ ᠬᠤᠣᠷ ᠳᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠣᠬᠢᠷᠲᠤᠯ ᠦᠭᠡᠢ ᠬᠤᠣᠷ ᠦᠭᠡᠢ ᠰᠢᠶᠠᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠶᠢᠨ ᠲᠥᠯᠥᠭᠡ᠂ 2022 ᠣᠨ ᠤ 7 ᠰᠠᠷ᠎ᠠ ᠶᠢᠨ 13 ᠤ ᠡᠳᠦᠷ᠂ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷ ᠴᠠᠭᠠᠵᠠᠯᠠᠬᠤ ᠶᠡᠭᠡ ᠠᠩᠬᠢ ᠬᠤᠣᠷ ᠳᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠤᠣᠷ ᠴᠠᠭᠠᠵᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ︽ᠬᠤᠣᠷ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠵᠠᠷ︾ ᠪᠣᠯᠤᠨ ᠤᠬᠠᠭᠤᠯᠭ᠎ᠠ ᠶᠢᠨ ᠡᠯᠭᠦᠭᠡ ᠵᠢᠷᠤᠭ ᠨᠠᠭᠠᠬᠤ ᠂ ᠬᠤᠣᠷ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠬᠤᠣᠷ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠭᠠᠷ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠵᠤ᠂ ᠬᠤᠣᠷ ᠴᠠᠭᠠᠵᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠤᠯᠠᠨ ᠲᠦᠮᠡᠨ ᠳᠤ ᠥᠷᠭᠡᠨ ᠢᠶᠠᠷ ᠤᠬᠠᠭᠤᠯᠵᠤ᠂ ᠬᠤᠣᠷ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠶᠢᠨ ᠴᠢᠬᠤᠯᠠ ᠴᠢᠨᠠᠷ ᠵᠢᠴᠢ ᠬᠤᠣᠷᠲᠤ ᠡᠳ᠋ ᠤᠨ ᠨᠡᠶᠢᠭᠡᠮ ᠳᠤ ᠤᠴᠠᠷᠠᠭᠤᠯᠤᠭᠰᠠᠨ ᠬᠦᠨᠳᠦ ᠨᠣᠴᠢᠲᠠᠶ ᠬᠤᠣᠷ ᠬᠥᠨᠥᠭᠡᠯ ᠢ ᠤᠬᠠᠭᠤᠯᠵᠤ᠂ ᠥᠷᠭᠡᠨ ᠤᠯᠠᠨ ᠲᠦᠮᠡᠨ ᠢ ︽ᠬᠤᠣᠷᠲᠤ ᠡᠳ᠋ ᠤᠨ ᠤᠭ ᠲᠠᠷᠢᠮᠠᠯ ᠤᠨ ᠦᠷ᠎ᠡ ᠶᠢ ᠨᠢᠭᠡ ᠮᠥᠬᠦᠯᠢᠭ ᠴᠦ ᠭᠠᠵᠠᠷ ᠲᠤ ᠬᠦᠷᠦᠭᠦᠯᠬᠦ ᠦᠭᠡᠢ︾ ᠪᠠᠶᠢᠬᠤ᠂ ᠬᠤᠣᠷᠲᠤ ᠡᠳ᠋ ᠤᠨ ᠤᠭ ᠲᠠᠷᠢᠮᠠᠯ ᠢ ᠬᠠᠤᠯᠢ ᠪᠤᠰᠤ ᠪᠠᠷ ᠲᠠᠷᠢᠭᠰᠠᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠡᠷᠡᠰ ᠪᠡᠶᠡᠯᠡᠭᠦᠯᠬᠦ ᠪᠠᠷ ᠳᠠᠶᠢᠴᠢᠯᠠᠪᠠ᠃ ︽ᠬᠤᠣᠷ ᠲᠠᠷᠢᠪᠠᠯ ᠬᠠᠤᠯᠢ ᠠᠴᠠ ᠵᠥᠷᠢᠴᠡᠬᠦ᠂ ᠬᠤᠣᠷ ᠲᠠᠷᠢᠬᠤ ᠶᠢ ᠵᠠᠪᠠᠯ ᠠᠷᠢᠯᠭᠠᠬᠤ᠂ ᠬᠤᠣᠷ ᠲᠠᠷᠢᠭᠰᠠᠨ ᠢ ᠵᠠᠪᠠᠯ ᠨᠡᠬᠡᠮᠵᠢᠯᠡᠬᠦ︾ ᠬᠠᠤᠯᠢ ᠲᠦᠷᠢᠮ ᠤᠨ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ ᠬᠤᠣᠷᠲᠤ ᠡᠳ᠋ ᠤᠨ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢ ᠬᠥᠮᠦᠨ ᠪᠦᠬᠦᠨ ᠳᠤ ᠮᠡᠳᠡᠭᠦᠯᠵᠦ᠂ ᠡᠷᠦᠬᠡ ᠪᠣᠯᠭᠠᠨ ᠳᠤ ᠣᠷᠣᠭᠤᠯᠵᠤ᠂ ᠪᠦᠬᠦ ᠠᠷᠠᠳ ᠢᠶᠠᠷ ᠢᠶᠠᠨ ᠬᠤᠣᠷᠲᠤ ᠡᠳ᠋ ᠢ ᠴᠠᠭᠠᠵᠠᠯᠠᠬᠤ ᠠᠵᠢᠯ ᠳᠤ ᠣᠷᠣᠯᠴᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃      ᠲᠣᠰ ᠤᠳᠠᠭᠠᠨ ᠤ ᠠᠵᠢᠯᠯᠠᠭ᠎ᠠ ᠳᠤ᠂ ︽ᠬᠤᠣᠷ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠵᠠᠷ︾ ᠪᠠ ᠡᠯ᠎ᠡ ᠲᠥᠷᠥᠯ ᠤᠨ ᠤᠬᠠᠭᠤᠯᠭ᠎ᠠ ᠶᠢᠨ ᠯᠣᠽᠦ᠋ᠩ 50 ᠭᠠᠷᠤᠶ ᠬᠤᠪᠢ ᠨᠠᠭᠠᠵᠤ᠂ ᠬᠤᠣᠷ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠭᠠᠷ ᠳᠡᠪᠲᠡᠷ ᠪᠠ ᠬᠤᠤᠷ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠶ ᠬᠤᠪᠢ ᠲᠠᠷᠬᠠᠭᠠᠵᠠᠶ᠃ ᠲᠥᠪᠯᠡᠷᠡᠭᠦᠯᠦᠨ ᠤᠬᠠᠭᠤᠯᠬᠤ ᠪᠠᠷ ᠳᠠᠮᠵᠢᠭᠤᠯᠤᠨ᠂ ᠤᠯᠠᠨ ᠲᠦᠮᠡᠨ ᠤ ᠬᠤᠣᠷ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠦᠵᠡᠯ ᠤᠬᠠᠮᠰᠠᠷ ᠪᠠ ᠬᠤᠣᠷ ᠴᠠᠭᠠᠵᠠᠯᠠᠬᠤ ᠲᠡᠮᠡᠴᠡᠯ ᠳᠤ ᠣᠷᠣᠯᠴᠠᠬᠤ ᠤᠬᠠᠮᠰᠠᠷᠲᠤ ᠴᠢᠨᠠᠷ ᠢ ᠦᠨᠡᠨ ᠬᠦ ᠴᠢᠩᠭᠠᠳᠬᠠᠵᠤ᠂ ᠬᠤᠣᠷᠲᠤ ᠡᠳ᠋ ᠤᠨ ᠤᠬ ᠲᠠᠷᠢᠮᠠᠯ ᠢ ᠬᠠᠤᠯᠢ ᠪᠤᠰᠤ ᠪᠠᠷ ᠲᠠᠷᠢᠬᠤ ᠠᠰᠠᠭᠤᠳᠠᠯ ᠭᠠᠷᠬᠤ ᠶᠢ ᠪᠦᠲᠦᠮᠵᠢᠲᠡᠶ ᠪᠠᠷ ᠰᠡᠷᠭᠡᠶᠢᠯᠡᠪᠡ᠃ ᠤᠯᠠᠨ ᠢᠶᠠᠷ ᠢᠶᠠᠨ ᠬᠤᠣᠷᠲᠤ ᠡᠳ᠋ ᠢ ᠴᠠᠭᠠᠵᠠᠯᠠᠬᠤ ᠠᠵᠢᠯ ᠳᠤ ᠢᠳᠡᠪᠬᠢᠲᠡᠢ ᠣᠷᠣᠯᠴᠠᠵᠤ᠂ ᠬᠤᠣᠷᠲᠤ ᠡᠳ᠋ ᠤᠨ ᠬᠠᠯᠳᠠᠯᠭ᠎ᠠ ᠶᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠬᠤᠣᠷᠲᠤ ᠡᠳ᠋ ᠲᠤ ᠬᠤᠯᠪᠣᠭᠳᠠᠭᠰᠠᠨ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠵᠦ᠂ ᠪᠣᠬᠢᠷᠲᠤᠯ ᠦᠭᠡᠢ ᠬᠤᠣᠷ ᠦᠭᠡᠢ ᠰᠢᠶᠠᠨ ᠢ ᠴᠢᠷᠮᠠᠶᠢᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠬᠤ ᠳᠤ ᠨᠡᠩ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠨ᠎ᠠ ᠭᠡᠵᠦ  ᠢᠯᠡᠳᠬᠡᠵᠡᠭᠡᠪᠡ᠃                                           ᠣᠷᠴᠢᠭᠤᠯᠤᠭᠴᠢ᠄ ᠤᠳᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2