2022 ᠣᠨ ᠤ 1-6 ᠰᠠᠷ᠎ᠠ ᠶᠢᠨ ᠱᠠᠩᠳᠤ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠭᠦᠶᠴᠡᠳᠬᠡᠭᠰᠡᠨ ᠪᠠᠶᠢᠳᠠᠯ
ᠨᠡᠶᠢᠲᠡᠯᠡᠭᠰᠡᠨ ᠴᠠᠭ᠄
2022/7/18
     ᠨᠢᠭᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ      1-6 ᠰᠠᠷ᠎ᠠ ᠳᠤ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 15529 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ 25000 ᠲᠦᠮᠡᠨ ᠲᠥᠭᠦᠷᠢᠭ ᠤᠨ 62.12% ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 475 ᠲᠦᠮᠡᠨ ᠲᠥᠭᠦᠷᠢᠭ ᠨᠡᠮᠡᠭᠳᠡᠨ᠂ 3.16% ᠪᠠᠷ ᠨᠡᠮᠡᠭᠳᠡᠵᠡᠶ᠃      ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠲᠥᠷᠥᠯ ᠬᠤᠪᠢᠶᠠᠨ ᠪᠡᠶᠡᠯᠡᠭᠦᠯᠦᠭᠰᠡᠨ ᠪᠠᠶᠢᠳᠠᠯ᠄      ᠭᠠᠶᠢᠯᠢ ᠲᠠᠲᠠᠪᠤᠷᠢ ᠶᠢᠨ ᠣᠷᠣᠯᠭ᠎ᠠ᠄ 1-6 ᠰᠠᠷ᠎ᠠ ᠳᠤ ᠨᠡᠶᠢᠲᠡ 6711 ᠲᠦᠮᠡᠨ ᠲᠥᠭᠦᠷᠢᠭ ᠪᠡᠶᠡᠯᠡᠭᠦᠯᠵᠦ ᠂ ᠵᠢᠯ ᠤᠨ ᠡᠬᠢᠨ ᠤ ᠲᠥᠰᠦᠪ ᠤᠨ 15500 ᠲᠦᠮᠡᠨ ᠲᠥᠭᠦᠷᠢᠭ ᠤᠨ 43.3% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 128 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ 1.94% ᠪᠠᠷ ᠨᠡᠮᠡᠭᠳᠡᠪᠡ᠃      ᠭᠠᠶᠢᠯᠢ ᠶᠢᠨ ᠪᠤᠰᠤ ᠣᠷᠣᠯᠭ᠎ᠠ᠄ 1-6 ᠰᠠᠷ᠎ᠠ ᠳᠤ ᠨᠡᠶᠢᠲᠡ 8818 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ 9500 ᠲᠦᠮᠡᠨ ᠲᠥᠭᠦᠷᠢᠭ ᠤᠨ 92.82% ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 347 ᠲᠦᠮᠡᠨ ᠲᠥᠭᠦᠷᠢᠭ ᠨᠡᠮᠡᠭᠳᠡᠨ᠂ 4.1% ᠪᠠᠷ ᠨᠡᠮᠡᠭᠳᠡᠪᠡ᠃      ᠬᠤᠶᠠᠷ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ      1-6 ᠰᠠᠷ᠎ᠠ ᠳᠤ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠨᠡᠶᠢᠲᠡ 173567 ᠲᠦᠮᠡᠨ ᠲᠥᠭᠦᠷᠢᠭ ︵ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ ᠪᠠᠭᠲᠠᠬᠤ ᠥᠬᠡᠶ︶ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16559 ᠲᠦᠮᠡᠨ ᠲᠥᠭᠦᠷᠢᠭ ᠨᠡᠮᠡᠭᠳᠡᠨ᠂ 10.55% ᠪᠠᠷ ᠨᠡᠮᠡᠭᠳᠡᠵᠡᠶ᠃                                            ᠤᠷᠴᠢᠭᠤᠯᠤᠭᠴᠢ᠄ ᠤᠳᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2