12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠨ ᠤᠲᠠᠰᠤ ᠶᠢᠨ ᠲᠠᠪᠤ — ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠲᠣᠭᠲᠠᠭᠠᠯ ᠠᠴᠠ ᠵᠥᠷᠢᠴᠡᠨ ᠣᠯᠠᠨ ᠨᠡᠶᠢᠲᠡ ᠶᠢᠨ ᠲᠠᠯᠠᠪᠤᠷ ᠶᠢ ᠡᠵᠡᠯᠡᠨ ᠬᠡᠷᠡᠭᠯᠡᠬᠦ ᠶᠢ ᠴᠡᠭᠴᠡᠯᠡᠨ ᠵᠠᠰᠠᠬᠤ ᠠᠷᠭ᠎ᠠ ᠲᠠᠢ
ᠨᠡᠶᠢᠲᠡᠯᠡᠭᠰᠡᠨ ᠴᠠᠭ᠄
2022/7/19
     ︽ᠵᠥᠪᠳᠡᠯᠴᠡᠨ ᠰᠢᠶᠳᠪᠦᠷᠢᠯᠡᠭᠰᠡᠨ ᠤ ᠳᠠᠷᠠᠭ᠎ᠠ᠂ ᠲᠣᠭᠲᠠᠭᠠᠯ ᠠᠴᠠ ᠵᠥᠷᠢᠴᠡᠨ ᠲᠠᠯᠠᠪᠤᠷ ᠡᠵᠡᠯᠡᠨ ᠲᠠᠯᠪᠢᠭᠰᠠᠨ ᠬᠤᠯᠠᠭᠠᠶ ᠶᠢ ᠰᠡᠷᠭᠡᠶᠢᠯᠡᠬᠦ ᠡᠭᠦᠳᠡ ᠶᠢ ᠰᠢᠯᠵᠢᠭᠦᠯᠵᠡᠶ᠂ ᠪᠢᠳᠡ ᠭᠠᠳᠠᠭᠰᠢ ᠭᠠᠷᠬᠤ ᠳᠤ ᠳᠥᠭᠦᠮ ᠦᠭᠡᠢ ᠭᠡᠵᠦ ᠵᠣᠪᠠᠭ᠋ᠤ ᠬᠡᠷᠡᠭ ᠦᠭᠡᠶ ᠪᠣᠯᠵᠠᠶ︾᠃ ᠰᠠᠭᠤᠭᠠᠯᠢ ᠲᠣᠭᠤᠷᠢᠭ ᠤᠨ ᠠᠷᠠᠳ ᠠᠴᠠ ᠰᠤᠷᠪᠤᠯᠵᠢᠯᠠᠭᠴᠢ ᠳᠤ ᠬᠡᠯᠡᠭᠰᠡᠨ ᠨᠢ᠃      ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶᠡᠨ ᠤ ᠦᠶᠯᠡᠴᠢᠯᠡᠭᠡᠨ ᠤ ᠲᠥᠪ ᠤᠨ ᠬᠢᠨ ᠤᠯᠠᠭᠠᠨᠴᠠᠪ ᠬᠤᠲᠠ ᠶᠢᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠨ ᠤᠲᠠᠰᠤ ᠶᠢᠨ ᠰᠢᠯᠵᠢᠭᠦᠯᠦᠨ ᠭᠦᠶᠴᠡᠳᠬᠡᠬᠦ ᠤᠲᠠᠰᠤ ᠶᠢ ᠲᠤᠰᠴᠤ ᠠᠪᠤᠨ᠂ ᠣᠯᠠᠨ ᠲᠦᠮᠡᠨ ᠤ ᠲᠤᠰᠬᠠᠭᠰᠠᠨ ᠢᠶᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠶ ᠰᠢᠭᠤᠶ ᠶᠢᠨ ᠲᠣᠪᠴᠢᠶ᠎ᠠ ᠶᠢᠨ ᠬᠡᠷ ᠪᠦᠯᠢ ᠶᠢᠨ ᠠᠰᠠᠷ ᠤᠨ ᠣᠯᠠᠨ ᠨᠡᠶᠢᠲᠡ ᠶᠢᠨ ᠲᠠᠯᠠᠪᠤᠷ ᠲᠤ ᠬᠠᠶᠠᠭᠳᠠᠮᠠᠯ ᠬᠤᠯᠠᠭᠠᠶ ᠶᠢ ᠰᠡᠷᠭᠡᠶᠢᠯᠡᠬᠦ ᠡᠭᠦᠳᠡ ᠶᠢ ᠲᠣᠭᠲᠠᠭᠠᠯ ᠠᠴᠠ ᠵᠥᠷᠢᠴᠡᠨ ᠲᠠᠯᠪᠢᠨ ᠡᠵᠡᠯᠡᠨ ᠬᠡᠷᠡᠭᠯᠡᠭᠰᠡᠨ ᠪᠥᠭᠡᠳ ᠭᠠᠯ ᠤᠨ ᠭᠠᠮᠰᠢᠭ ᠤᠨ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠰᠠᠭᠤᠭᠠᠯᠢ ᠲᠣᠭᠤᠷᠢᠭ ᠲᠤ ᠶᠡᠭᠡ ᠬᠡᠮᠵᠢᠶᠡᠨ ᠤ ᠰᠠᠭᠤᠭᠠᠯᠢ ᠠᠷᠠᠳ ᠣᠷᠣᠰᠢᠨ ᠰᠠᠭᠤᠵᠤ᠂  ᠬᠠᠶᠠᠭᠳᠠᠮᠠᠯ ᠬᠤᠯᠠᠭᠠᠶ ᠶᠢ ᠰᠡᠷᠭᠡᠶᠢᠯᠡᠬᠦ ᠡᠭᠦᠳᠡ ᠶᠢ ᠲᠣᠭᠲᠠᠭᠠᠯ ᠠᠴᠠ ᠵᠥᠷᠢᠴᠡᠨ ᠲᠠᠯᠠᠪᠤᠷ ᠡᠵᠡᠯᠡᠨ ᠲᠠᠯᠪᠢᠵᠤ᠂ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠲᠦᠢᠯ ᠤᠨ ᠳᠥᠭᠦᠮ ᠦᠭᠡᠢ ᠪᠣᠯᠭᠠᠭᠰᠠᠨ ᠪᠥᠭᠡᠳ ᠠᠮᠤᠷ ᠲᠦᠪᠰᠢᠨ ᠤ ᠵᠠᠮ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢ ᠴᠦ ᠰᠠᠭᠤᠭᠠᠯᠢ ᠠᠷᠠᠳ ᠤᠨ ᠭᠠᠯ ᠤᠨ ᠠᠶᠤᠯ ᠤᠨ ᠠᠮᠤᠷ ᠲᠦᠪᠰᠢᠨ ᠳᠤ ᠲᠦᠢᠯ ᠤᠨ ᠶᠡᠭᠡ ᠳᠠᠯᠳᠠ ᠬᠡᠮ ᠠᠪᠴᠢᠷᠠᠭᠰᠠᠨ ᠪᠠᠶᠢᠨ᠎ᠠ᠃      12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠬᠦᠮ ᠦᠵᠡᠭᠦᠯᠬᠦ ᠠᠵᠢᠯ ᠤᠨ ᠬᠠᠯᠠᠮᠰᠢᠯ ᠤᠨ ᠤᠲᠠᠰᠤᠨ ᠤ ᠠᠵᠢᠯ ᠤᠨ ᠬᠠᠭᠤᠳᠠᠰᠤ ᠶᠢ ᠣᠯᠤᠭᠰᠠᠨ ᠤ ᠲᠠᠷᠠᠭ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠤᠨᠲᠠᠷᠠᠭᠠᠬᠤ ᠠᠩᠬᠢ ᠶᠢᠨ ᠬᠢᠨ ᠲᠡᠷᠡ ᠳᠠᠷᠤᠶ ᠳᠤᠨᠢ ᠲᠤᠬᠠᠶ ᠶᠢᠨ ᠲᠠᠯᠠᠪᠠᠢ ᠳᠤ ᠬᠦᠷᠴᠦ ᠲᠤᠬᠠᠶ ᠶᠢᠨ ᠬᠥᠮᠦᠨ ᠲᠠᠢ ᠨᠡᠪᠲᠡᠷᠡᠯᠴᠡᠨ ᠵᠣᠬᠢᠴᠠᠭᠤᠯᠬᠤ ᠶᠢᠨ ᠬᠠᠮᠲᠤ ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ᠪᠠᠭᠤᠯᠭᠠᠵᠠᠶ᠃ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ ᠲᠤᠬᠠᠶ ᠶᠢᠨ ᠬᠥᠮᠦᠨ ᠴᠡᠭᠴᠡᠯᠡᠨ ᠥᠭᠡᠷᠡᠴᠢᠯᠡᠬᠦ ᠬᠥᠮᠦᠵᠢᠯ ᠭᠥᠷᠳᠡᠭᠰᠡᠨ ᠪᠥᠭᠡᠳ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ  ᠲᠠᠯᠠᠪᠤᠷ ᠢᠶᠠᠨ ᠠᠯᠢ ᠲᠦᠷᠭᠡᠨ ᠢᠶᠠᠷ ᠴᠡᠪᠡᠷᠯᠡᠵᠦ ᠭᠠᠷᠭᠠᠬᠤ ᠪᠠᠷ ᠵᠥᠪᠰᠢᠶᠡᠷᠡᠵᠡᠶ᠃ ᠬᠤᠶᠠᠷ ᠡᠳᠦᠷ ᠤᠨ ᠳᠠᠷᠠᠭ᠎ᠠ᠂ ᠭᠠᠯ ᠤᠨᠲᠠᠷᠠᠭᠠᠬᠤ ᠠᠩᠭᠢ ᠶᠢᠨ ᠠᠵᠢᠯᠲᠠᠨ ᠤ ᠰᠢᠪᠠᠳᠠᠯᠭ᠎ᠠ ᠪᠠᠷ᠂ ᠬᠤᠯᠠᠭᠠᠶ ᠶᠢ ᠰᠡᠷᠭᠡᠶᠢᠯᠡᠬᠦ ᠡᠭᠦᠳᠡ ᠶᠢ ᠲᠤᠰ ᠲᠣᠭᠤᠷᠢᠭ ᠠᠴᠠ ᠨᠡᠭᠦᠯᠭᠡᠨ ᠭᠠᠷᠭᠠᠪᠠ᠃ ᠡᠭᠦᠨ ᠤ ᠵᠡᠷᠭᠡ ᠳᠤ ᠭᠠᠯ ᠤᠨᠲᠠᠷᠠᠭᠠᠭᠴᠢ ᠠᠴᠠ ᠣᠯᠠᠨ ᠨᠡᠶᠢᠲᠡ ᠶᠢᠨ ᠲᠠᠯᠠᠪᠤᠷ ᠲᠤ ᠡᠯᠳᠡᠪ ᠶᠠᠭᠤᠮ᠎ᠠ ᠪᠣᠯᠤᠨ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠪᠣᠯᠬᠤ ᠦᠭᠡᠶ᠂ ᠭᠠᠯ ᠤᠨᠲᠠᠷᠭᠠᠬᠤ ᠵᠠᠮ ᠤᠨ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ ᠭᠡᠵᠦ ᠣᠯᠠᠨ ᠳᠤ ᠰᠠᠨᠠᠭᠤᠯᠪᠠ᠃ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠨ ᠤᠲᠠᠰᠤ ᠪᠣᠯ ᠠᠰᠠᠭᠤᠨ ᠰᠤᠷᠠᠭᠯᠠᠯ ᠬᠦᠰᠡᠯ ᠱᠠᠭᠠᠷᠳᠠᠯᠭ᠎ᠠ ᠶᠢ ᠲᠥᠪᠯᠡᠷᠡᠭᠦᠯᠦᠨ ᠭᠥᠯᠢᠶᠡᠨ ᠠᠪᠴᠤ ᠰᠢᠶᠳᠪᠦᠷᠢᠯᠡᠬᠦ ᠲᠠᠪᠴᠠᠩ ᠮᠥᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ᠂ ᠣᠯᠠᠨ ᠲᠦᠮᠡᠨ ᠤ ᠬᠦᠴᠢᠷᠳᠡᠯ ᠢ ᠰᠢᠶᠳᠪᠦᠷᠢᠯᠡᠬᠦ ᠬᠠᠮᠤᠭ ᠤᠨ ᠴᠢᠬᠤᠯᠠ ᠠᠷᠭ᠎ᠠ ᠵᠠᠮ ᠮᠥᠨ᠃ 12345 ᠬᠤᠲᠠ ᠶᠢᠨ ᠠᠷᠠᠳ ᠤᠨ ᠦᠶᠯᠡᠴᠢᠯᠡᠭᠡᠨ ᠤ ᠬᠠᠯᠠᠮᠰᠢᠯ ᠤᠲᠠᠰᠤ ᠨᠢ ︽ᠲᠦᠷᠭᠡᠨ᠂ ᠣᠨᠣᠪᠴᠢᠲᠠᠶ᠂ ᠬᠦᠴᠦᠲᠡᠶ᠂ ᠯᠠᠪᠳᠠᠭᠤᠨ︾ ᠬᠠᠲᠠᠭᠤ ᠠᠷᠭ᠎ᠠ ᠬᠡᠮᠵᠢᠶ᠎ᠡ ᠪᠠ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠲᠠᠢ ᠤᠶᠠᠯᠳᠤᠭᠤᠯᠤᠨ ᠠᠰᠠᠭᠤᠬᠤ ᠵᠠᠭᠠᠯᠳᠤᠬᠤ᠂ ᠰᠠᠯᠠᠭ᠎ᠠ ᠮᠥᠴᠢᠷ ᠲᠠᠢ ᠬᠠᠷᠢᠯᠴᠠᠬᠤ᠂ ᠵᠥᠪ ᠲᠠᠯ᠎ᠠ ᠠᠴᠠ ᠬᠥᠲᠥᠯᠦᠨ ᠵᠢᠯᠣᠭᠤᠳᠬᠤ ᠵᠡᠷᠭᠡ ᠴᠢᠬᠤᠯᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠣᠯᠠᠨ ᠲᠦᠮᠡᠨ ᠤ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ᠠᠰᠠᠭᠤᠬᠤ ᠵᠠᠭᠠᠯᠳᠤᠬᠤ ᠶᠢ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠪᠦᠲᠦᠮᠵᠢᠲᠡᠶ ᠬᠠᠷᠢᠭᠤᠯᠬᠤ ᠪᠠ ᠲᠣᠬᠢᠲᠠᠶ ᠰᠢᠶᠳᠪᠦᠷᠢᠯᠡᠬᠦ ᠶᠢ ᠦᠨᠡᠨ ᠬᠦ ᠪᠠᠲᠤᠯᠠᠪᠠ᠃                                           ᠤᠷᠴᠢᠭᠤᠯᠤᠭᠴᠢ᠄ ᠤᠳᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2