ᠱᠠᠩᠳᠤ ᠰᠢᠶᠠᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢ ᠯᠠᠪᠳᠠᠭᠤᠨ ᠪᠠᠲᠤᠲᠠᠶ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/7/20
     ᠨᠢᠭᠡ ᠳᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ᠃ ᠪᠦᠷᠢᠳᠬᠡᠯ ᠢᠶᠠᠷ ᠡᠯ᠎ᠡ ᠰᠢᠶᠠᠩ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠱᠠᠩᠳᠤ ᠰᠢᠶᠠᠨ ᠤ 2022 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠠᠯᠠᠪᠠᠶ 179.9 ᠲᠦᠮᠡᠨ ᠮᠥ ︵ᠳᠠᠭᠠᠭᠠᠴᠢᠯᠠᠭᠰᠠᠨ ᠭᠠᠵᠠᠷ ᠤᠨ ᠲᠠᠯᠠᠪᠠᠶ︶ ᠪᠠᠶᠢᠵᠤ᠂ ᠮᠥ ᠪᠦᠷᠢ ᠳᠤ ᠳᠤᠮᠳᠠᠴᠢ ᠪᠠᠷ 33.87 ᠲᠥᠭᠦᠷᠢᠭ ᠤᠨ ᠨᠥᠬᠦᠪᠥᠷᠢ ᠥᠭᠴᠦ᠂ ᠨᠡᠶᠢᠲᠡ 6093.57 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ ︵ᠪᠠᠯᠠ ᠮᠥᠩᠭᠦ ᠶᠢᠨ ᠢᠷᠡᠯᠲᠡ 2022 ᠣᠨ ᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠳᠡᠭᠡᠭᠰᠢᠯᠡᠯᠲᠡ ᠶᠢᠨ ᠪᠠᠯᠠ ᠮᠥᠩᠭᠦ︶᠃ ᠣᠲᠣ ᠪᠣᠯᠲᠠᠯ᠎ᠠ᠂ ᠰᠢᠶᠠᠩ ᠪᠠᠯᠭᠠᠰᠤᠨ ᠤ ᠨᠠᠷᠢᠨ ᠲᠠᠩᠰᠠ ᠶᠢᠨ ᠠᠵᠢᠯ ᠢ ᠦᠨᠳᠦᠰᠦᠨ ᠳᠡᠭᠡᠨ ᠳᠠᠭᠤᠰᠬᠠᠵᠤ᠂ ᠲᠠᠷᠠᠭᠠᠴᠢ ᠶᠢᠨ ᠠᠯᠬᠤᠮ ᠳᠤ ᠮᠥᠩᠭᠦ ᠲᠠᠷᠬᠠᠭᠠᠨ᠎ᠠ᠃      ᠬᠤᠶᠠᠷ ᠲᠤ ᠪᠣᠳᠠᠲᠠᠶ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ᠃ ᠱᠠᠩᠳᠤ ᠰᠢᠶᠠᠨ ᠤ ᠠᠮᠤ ᠪᠤᠳᠠᠭᠠᠨ ᠤ ᠲᠠᠷᠢᠮᠠᠯ ᠤᠨ ᠲᠠᠷᠢᠮᠠᠯ ᠤᠨ ᠲᠠᠯᠠᠪᠠᠢ 1030723.21 ᠮᠦ ︵ᠡᠭᠦᠨ ᠳᠤ ᠪᠤᠭᠤᠳᠠᠢ 241350.46 ᠮᠦ᠂ ᠡᠷᠳᠡᠨᠢ ᠰᠢᠰᠢ 248668.5 ᠮᠦ᠂ ᠲᠥᠮᠥᠰᠥ ᠪᠠᠷ ᠨᠤᠭᠤᠯᠤᠨ ᠪᠤᠳᠤᠭᠰᠠᠨ ᠠᠮᠤ ᠪᠤᠳᠠᠭ᠎ᠠ 27521.46 ᠮᠦ᠂ ᠡᠯᠳᠡᠪ ᠠᠮᠤ ᠡᠯᠳᠡᠪ ᠪᠤᠷᠴᠠᠭ 513182.79 ᠮᠦ ᠪᠣᠯᠤᠨ᠎ᠠ︶᠃ 2022 ᠣᠨ ᠳᠤ᠂ ᠱᠠᠩᠳᠤ ᠰᠢᠶᠠᠨ ᠳᠤ ᠪᠠᠭᠤᠯᠭᠠᠭᠰᠠᠨ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠨᠢᠭᠡ ᠯᠠ ᠤᠳᠠᠭ᠎ᠠ ᠶᠢᠨ ᠴᠢᠨᠠᠷᠲᠠᠶ ᠨᠥᠬᠦᠪᠥᠷᠢ ᠮᠥᠩᠭᠦ 506.085 ᠲᠦᠮᠡᠨ ᠲᠥᠭᠦᠷᠢᠭ᠂ ᠲᠠᠷᠢᠮᠠᠯ ᠬᠤᠪᠢᠶᠠᠬᠤ ᠥᠬᠡᠶ ᠨᠢᠭᠡᠳᠦᠯᠲᠡᠶ ᠪᠠᠷᠢᠮᠵᠢᠶ᠎ᠠ ᠶᠣᠰᠣᠭᠠᠷ ᠠᠮᠤ ᠪᠤᠳᠠᠭᠠᠨ ᠤ ᠲᠠᠷᠢᠮᠠᠯ ᠤᠨ ᠮᠥ ᠪᠦᠷᠢ ᠳᠤ 4.91 ᠲᠥᠭᠦᠷᠢᠭ ᠤᠨ ᠨᠥᠬᠦᠪᠥᠷᠢ ᠥᠭᠭᠦᠨ᠎ᠡ᠃ ᠣᠲᠣ ᠪᠣᠯᠲᠠᠯ᠎ᠠ᠂ ᠪᠠᠯᠠ ᠮᠥᠩᠭᠦ ᠲᠠᠷᠬᠠᠭᠠᠬᠤ ᠠᠵᠢᠯ ᠨᠢᠭᠡᠨᠲᠡ 504.569 ᠲᠦᠮᠡᠨ ᠲᠥᠭᠦᠷᠢᠭ ᠢ ᠪᠡᠶᠡᠯᠡᠭᠦᠯᠪᠡ᠃      ᠭᠤᠷᠪᠠ ᠳᠤ ᠦᠢᠯᠡᠳᠪᠦᠷᠢᠯᠡᠭᠴᠢ ᠶᠢᠨ ᠨᠥᠬᠦᠪᠥᠷᠢ᠃ ᠱᠠᠩᠳᠤ ᠰᠢᠶᠠᠨ ᠤ ᠡᠨᠡ ᠵᠢᠯ ᠤᠨ ᠭᠠᠩ ᠬᠠᠭᠰᠠᠷᠠᠭᠠᠨ ᠨᠡᠯᠢᠶᠡᠳ ᠬᠦᠨᠳᠦ᠂ ᠲᠠᠷᠢᠮᠠᠯ ᠤᠨ ᠵᠦᠶᠯ ᠢ ᠨᠡᠯᠢᠶᠡᠳ ᠣᠷᠣᠶ ᠳᠠᠷᠢᠭᠰᠠᠨ ᠪᠣᠯᠬᠤᠷ ᠣᠳᠣᠬᠠᠨ ᠳᠤ ᠶᠠᠭ ᠪᠦᠷᠢᠳᠬᠡᠵᠦ ᠪᠠᠶᠢᠨ᠎ᠠ᠂ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠵᠦ ᠳᠠᠭᠤᠰᠤᠭᠰᠠᠨ ᠤ ᠳᠠᠷᠠᠭ᠎ᠠ ᠵᠣᠬᠢᠴᠠᠩᠭᠤᠶ ᠨᠥᠬᠦᠪᠥᠷᠢ ᠣᠯᠭᠤᠨ᠎ᠠ᠃      ᠲᠦᠷᠪᠡ ᠳᠤ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ᠃ 2022 ᠣᠨ ᠳᠤ᠂ ᠱᠠᠩᠳᠤ ᠰᠢᠶᠠᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥᠯ ᠵᠦᠶᠯ ᠤᠨ ᠪᠠᠯᠠ ᠮᠥᠩᠭᠦ ᠶᠢ 783 ᠲᠦᠮᠡᠨ ᠲᠥᠭᠦᠷᠢᠭ ᠳᠣᠭᠢᠷᠠᠭᠤᠯᠪᠠ᠂ ᠣᠲᠣ ᠪᠣᠯᠲᠠᠯ᠎ᠠ᠂ ᠬᠤᠯᠪᠣᠭᠳᠠᠯ ᠪᠥᠬᠦᠶ ᠭᠠᠷ ᠭᠦᠶᠴᠡᠳᠬᠡᠯ ᠢ ᠨᠢᠭᠡᠨᠲᠡ ᠪᠦᠬᠦᠨ ᠢ ᠭᠦᠶᠴᠡᠳᠬᠡᠵᠦ ᠳᠠᠭᠤᠰᠬᠠᠭᠠᠳ᠂ ᠪᠠᠯᠠ ᠮᠥᠩᠭᠦ ᠶᠢ ᠪᠠᠭᠤᠯᠭᠠᠭᠰᠠᠨ ᠤ ᠳᠠᠷᠠᠭ᠎ᠠ ᠡᠬᠢᠯᠡᠨ ᠲᠠᠷᠬᠠᠭᠠᠨ᠎ᠠ᠃                                           ᠣᠷᠴᠢᠭᠤᠯᠤᠭᠴᠢ᠄ ᠤᠳᠠ                                           ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2