ᠰᠢᠩ ᠾᠧ ᠰᠢᠶᠠᠨ ᠵᠤᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/21
    ᠵᠤᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠰᠢᠩ ᠡᡁᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠵᠤᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠠᠴᠠ 6᠂ 7 ᠰᠠᠷ᠎ᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠤ ︽ᠵᠠᠭᠤᠨ ᠡᠳᠦᠷ ᠤᠨ ᠠᠵᠢᠯᠯᠠᠭ᠎ᠠ︾ ᠵᠢᠴᠢ ︽ᠵᠠᠮ ᠬᠠᠷᠢᠯᠴᠠᠭᠠᠨ ᠤ ᠠᠳᠡᠯ ᠤᠨ ᠶᠡᠷᠦᠩᠬᠡᠢ ᠬᠡᠮᠵᠢᠶ᠎ᠡ ᠶᠢ ᠪᠠᠭᠠᠰᠬᠠᠵᠤ ᠣᠨᠴᠠ ᠶᠡᠭᠡ ᠵᠠᠮ ᠬᠠᠷᠢᠯᠴᠠᠭᠠᠨ ᠤ ᠠᠳᠡᠯ ᠭᠠᠷᠬᠤ ᠶᠢ ᠬᠢᠵᠠᠭᠠᠷᠯᠠᠬᠤ︾ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠵᠤᠨ ᠤ ᠤᠯᠠᠷᠢᠯ ᠤᠨ ᠬᠠᠤᠯᠢ ᠶᠢ ᠵᠥᠷᠢᠴᠡᠭᠰᠡᠨ ᠳᠣᠪᠣᠶᠢᠮ᠎ᠠ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠶᠢ ᠴᠢᠩᠭᠠᠳᠬᠠᠵᠤ᠂ ︽ᠵᠠᠭᠤᠨ ᠡᠳᠦᠷ ᠤᠨ ᠠᠵᠢᠯᠯᠠᠭ᠎ᠠ︾ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ᠂ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠬᠢᠷᠠᠭᠤᠯᠤᠯᠲᠠ ᠪᠠ ᠪᠠᠶᠢᠷᠢᠯᠠᠭᠤᠯᠤᠯᠲᠠ ᠲᠠᠢ ᠦᠳᠲᠡᠷ ᠲᠦᠷᠭᠡᠨ ᠨᠢᠭᠡᠳᠬᠡᠬᠦ ᠬᠡᠷᠡᠭᠳᠡᠢ᠃ ᠡᠯ᠎ᠡ ᠳᠤᠮᠳᠠ ᠠᠩᠬᠢ ᠶᠢᠨ ᠬᠢᠨ ᠲᠤᠰ ᠤᠳᠠᠭ᠎ᠠ ᠶᠢᠨ ᠠᠵᠢᠯᠯᠠᠭ᠎ᠠ ᠶᠢ ᠭᠦᠢᠴᠡᠳ ᠠᠰᠢᠭᠯᠠᠵᠤ᠂ ᠬᠦᠴᠦᠨ ᠴᠢᠳᠠᠯ ᠢᠶᠠᠨ ᠪᠠᠳᠠᠷᠠᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠤ  ᠬᠠᠮᠲᠤᠷᠠᠨ ᠦᠢᠯᠡᠴᠢᠯᠡᠬᠦ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠬᠤ ᠬᠡᠷᠡᠭᠲᠡᠢ᠃ ᠬᠤᠶᠠᠷ ᠲᠤ᠂ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠳᠡᠢ᠃ ᠵᠣᠭᠰᠣᠭᠠᠯ ᠤᠨ ᠱᠣᠩ ᠮᠠᠶ᠋ᠢᠭ ᠤᠨ ᠪᠠ ᠲᠠᠩ ᠭᠠᠭᠴᠠ ᠮᠠᠶ᠋ᠢᠭ ᠤᠨ ᠡᠭᠦᠷᠭᠡ ᠭᠦᠶᠴᠡᠳᠬᠡᠬᠦ ᠠᠷᠭ᠎ᠠ ᠮᠠᠶ᠋ᠢᠭ ᠢ ᠲᠠᠰᠤ ᠵᠣᠭᠰᠣᠭᠠᠵᠤ᠂ ᠰᠡᠷᠡᠮᠵᠢᠯᠡᠭᠦᠯᠬᠦ ᠨᠣᠷᠮ᠎ᠠ ᠪᠠ ᠬᠡᠷᠡᠭ ᠶᠠᠪᠤᠳᠠᠯ ᠢ ᠬᠠᠮᠢᠶᠠᠷᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠳᠡᠢ᠃ ᠭᠤᠷᠪᠠ ᠳᠤ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠳᠡᠢ᠃ ᠬᠤᠶᠠᠷ᠂ ᠭᠤᠷᠪᠠᠨ ᠬᠦᠷᠳᠦᠲᠦ ᠮᠣᠲ᠋ᠣᠷ ᠤᠨᠤᠭᠴᠢ ᠠᠮᠤᠷ ᠲᠦᠪᠰᠢᠨ ᠤ ᠳᠤᠭᠤᠯᠠᠭ᠎ᠠ ᠵᠡᠭᠦᠬᠦ ᠥᠬᠡᠶ᠂ ᠬᠠᠤᠯᠢ ᠠᠴᠠ ᠵᠥᠷᠢᠴᠡᠨ ᠬᠥᠮᠦᠨ ᠠᠴᠢᠬᠤ ᠵᠡᠷᠭᠡ᠂ ᠢᠯᠠᠩᠭᠤᠶ᠎ᠠ ᠰᠣᠭᠲᠣᠭᠤ ᠪᠠᠷ ᠲᠡᠷᠭᠡ ᠵᠢᠯᠣᠭᠤᠳᠬᠤ᠂ ᠠᠶᠠᠨᠴᠢᠨ ᠤ ᠲᠡᠭᠡᠭᠡᠪᠦᠷᠢ ᠶᠢᠨ ᠲᠡᠷᠭᠡ ᠶᠢᠨ ᠬᠥᠮᠦᠨ ᠤ ᠲᠤᠭ᠎ᠠ ᠠᠴᠠ ᠬᠡᠲᠦᠷᠡᠭᠦᠯᠬᠦ᠂ ᠪᠠᠷᠠᠭᠠᠨ ᠤ ᠲᠡᠷᠭᠡ ᠶᠢᠨ ᠳᠠᠭᠠᠭᠠᠴᠠ ᠠᠴᠠ ᠬᠡᠲᠦᠷᠡᠭᠦᠯᠬᠦ ᠵᠢᠴᠢ ᠬᠠᠤᠯᠢ ᠪᠤᠰᠤ ᠪᠠᠷ ᠲᠡᠭᠡᠭᠡᠪᠦᠷᠢ ᠡᠵᠡᠩᠨᠡᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠤ᠂ ᠥᠴᠦᠬᠡᠨ ᠴᠦ ᠠᠭᠤᠴᠢᠯᠠᠬᠤ ᠥᠬᠡᠶ ᠪᠠᠶᠢᠬᠤ ᠬᠡᠷᠡᠭᠲᠡᠶ᠃ ᠲᠦᠷᠪᠡ ᠳᠤ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠵᠠᠮ ᠤᠨ ᠬᠡᠰᠡᠭ ᠢ ᠴᠢᠩᠭ᠎ᠠ ᠠᠩᠬᠠᠷᠴᠤ᠂ ᠵᠠᠮ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠵᠠᠮ ᠬᠠᠷᠢᠯᠴᠠᠭᠠᠨ ᠤ ᠴᠠᠭᠳᠠᠭ᠎ᠠ ᠶᠢᠨ ᠭᠤᠤᠯ ᠬᠠᠷᠢᠭᠤᠴᠠᠯᠭ᠎ᠠ ᠭᠤᠤᠯ ᠠᠵᠢᠯ ᠢ ᠴᠢᠩᠭ᠎ᠠ ᠭᠦᠶᠴᠡᠳᠬᠡᠵᠦ᠂ ᠵᠠᠮ ᠳᠡᠭᠡᠷᠡᠬᠢ ᠴᠠᠭᠳᠠᠨ ᠲᠣᠭᠤᠷᠢᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ ᠬᠠᠷᠢᠶ᠎ᠠ ᠣᠷᠣᠨ ᠤ ᠵᠠᠮ ᠨᠡᠪᠲᠡᠷᠡᠯᠭᠡ ᠶᠢᠨ ᠰᠠᠭᠠᠳ ᠥᠬᠡᠶ ᠶᠢ ᠦᠨᠡᠨᠬᠦ ᠪᠠᠲᠤᠯᠠᠬᠤ ᠬᠡᠷᠡᠭᠲᠡᠶ᠃ ᠲᠠᠪᠤ ᠳᠤ᠂ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ᠃ ᠳᠡᠭᠡᠳᠦ ᠲᠤᠤᠷᠠᠳᠤ ᠱᠠᠲᠤᠨ ᠤ ᠠᠵᠢᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠬᠠᠷᠠᠯᠲᠠ ᠡᠭᠦᠷᠭᠡ ᠪᠠᠨ ᠤᠨᠢᠨ ᠳᠡᠭᠡᠷ᠎ᠡ ᠨᠢ ᠲᠦᠯᠬᠢᠨ ᠠᠬᠢᠭᠤᠯᠬᠤ ᠬᠡᠷᠡᠭᠲᠡᠢ᠃ ᠵᠢᠷᠭᠤᠭ᠎ᠠ ᠳᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ︽ᠵᠠᠭᠤᠨ ᠡᠳᠦᠷ ᠤᠨ ᠠᠵᠢᠯᠯᠠᠭ᠎ᠠ︾ ᠳᠠᠬᠢ ᠰᠠᠶᠢᠨ ᠬᠥᠮᠦᠨ᠂ ᠰᠠᠶᠢᠨ ᠶᠠᠪᠤᠳᠠᠯ ᠵᠢᠴᠢ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠳᠬᠡᠵᠦ ᠂ ᠭᠠᠳᠠᠭᠰᠢ ᠪᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠲᠤᠯᠤᠭ᠎ᠠ ᠳᠤ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠵᠤᠬᠢᠰ ᠦᠭᠡᠢ ᠠᠴᠠ ᠪᠤᠯᠵᠤ ᠶᠠᠷᠢᠶ᠎ᠠ ᠬᠡᠯᠡᠯᠴᠡᠭᠡ ᠡᠭᠦᠰᠬᠦ ᠶᠢ ᠴᠢᠩᠭ᠎ᠠ ᠰᠡᠷᠭᠡᠶᠢᠯᠡᠵᠦ᠂ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠢᠵᠢᠭᠦᠷᠯᠡᠵᠤ ᠠᠵᠢᠯ ᠳᠤ ᠪᠡᠯᠡᠳᠬᠡᠬᠦ ᠪᠠ ᠲᠦᠭᠰᠢᠭᠦᠷᠢ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2