ᠬᠤᠸᠠᠳᠧ ᠰᠢᠶᠠᠨ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠠᠵᠢᠯ ᠤᠨ ᠬᠠᠭᠠᠰ ᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/22
    7 ᠰᠠᠷ᠎ᠠ ᠶᠢᠨ 19 ᠤ ᠡᠳᠦᠷ᠂ ᠬᠤᠸᠠᠳᠧ ᠰᠢᠶᠠᠨ ᠤ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠠᠵᠢᠯ ᠤᠨ ᠬᠠᠭᠠᠰ ᠵᠢᠯ ᠤᠨ ᠲᠤᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠡᠯ᠎ᠡ ᠰᠢᠶᠠᠩ ᠪᠠᠯᠭᠠᠰᠤ ᠵᠢᠴᠢ ᠰᠣᠶᠣᠯ ᠵᠤᠭᠠᠴᠠᠯ ᠤᠨ ᠲᠣᠪᠴᠢᠶ᠎ᠠ᠂ ᠰᠣᠶᠣᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠡᠭᠡᠷ᠎ᠡ ᠬᠠᠭᠠᠰ ᠵᠢᠯ ᠤᠨ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠪᠣᠯᠤᠨ ᠳᠣᠣᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ ᠶᠢ ᠰᠣᠨᠣᠰᠴᠠᠢ᠃ᠬᠤᠷᠠᠯ ᠠᠴᠠ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ ᠰᠢᠶᠠᠨ ᠤ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠹᠷᠣᠨᠲ ᠤᠨ ᠡᠯ᠎ᠡ ᠨᠢᠭᠡᠴᠢ ᠶᠢᠨ ᠬᠢᠨ ᠡᠯ᠎ᠡ ᠵᠦᠢᠯ ᠤᠨ ᠬᠦᠴᠢᠷᠳᠡᠯ ᠢ ᠢᠯᠠᠨ ᠳᠠᠪᠠᠵᠤ᠂ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠠᠵᠢᠯ ᠤᠨ ᠤᠨᠤᠯ ᠢᠶᠠᠷ ᠵᠡᠪᠰᠡᠭᠯᠡᠬᠦ ᠲᠠᠯ᠎ᠠ ᠪᠠᠷ ᠳᠡᠭᠡᠭᠰᠢᠯᠡᠯᠲᠡ ᠲᠠᠢ ᠪᠤᠯᠵᠤ ᠂ ᠦᠵᠡᠯ ᠤᠬᠠᠮᠰᠠᠷ ᠤᠨ ᠬᠡᠯᠪᠡᠷᠢ ᠪᠣᠯᠤᠨ ᠰᠦᠯᠵᠢᠶᠡᠨ ᠤ ᠠᠮᠤᠷ ᠲᠦᠪᠰᠢᠨ ᠤ ᠲᠠᠯ᠎ᠠ ᠪᠠᠷ ᠡᠵᠡᠮᠳᠡᠯ ᠲᠠᠢ ᠪᠤᠯᠵᠤ᠂ ᠰᠣᠨᠢᠨ ᠮᠡᠳᠡᠭᠡ ᠪᠣᠯᠤᠨ ᠤᠬᠠᠭᠤᠯᠭ᠎ᠠ ᠶᠢᠨ ᠲᠠᠯ᠎ᠠ ᠪᠠᠷ ᠨᠥᠯᠥᠭᠡ ᠲᠠᠢ ᠪᠤᠯᠵᠤ᠂ ᠶᠡᠷᠦᠩᠬᠡᠢ ᠳᠡᠭᠡᠨ ᠭᠤᠣᠯ ᠬᠦᠭ ᠠᠶᠠᠰ ᠬᠦᠴᠦᠲᠡᠢ᠂ ᠢᠳᠡᠪᠬᠢ ᠬᠦᠴᠦᠨ ᠪᠢᠯᠬᠠᠭᠰᠠᠨ ᠰᠠᠶᠢᠨ ᠰᠠᠶᠢᠬᠠᠨ ᠪᠠᠶᠢᠳᠠᠯ ᠢᠯᠡᠷᠡᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠳᠣᠣᠷ᠎ᠠ ᠬᠠᠭᠠᠰ ᠵᠢᠯ ᠳᠤ᠂ ᠪᠦᠬᠦ ᠰᠢᠶᠠᠨ ᠤ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠠᠵᠢᠯ ᠨᠢ ᠤᠯᠤᠰ ᠲᠦᠷᠦ ᠶᠢ ᠡᠷᠬᠢᠮᠯᠡᠬᠦ ᠶᠢ ᠨᠢᠭᠡᠳᠦᠭᠡᠷ ᠰᠢᠨᠵᠢ ᠴᠢᠨᠠᠷ ᠢᠶᠠᠨ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠭᠡᠬᠦ ᠡᠨᠡᠬᠦ ᠭᠤᠣᠯ ᠰᠢᠵᠢᠮ ᠢ ᠤᠭᠲᠤᠬᠤ᠂ ᠤᠬᠠᠭᠤᠯᠬᠤ᠂ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ︽ᠬᠤᠶᠠᠷ ᠢ ᠴᠣᠭᠴᠠᠯᠠᠬᠤ︾ ᠶᠢ ᠪᠦᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠲᠦᠷᠦᠯ ᠤᠨ ᠵᠠᠭᠤᠴᠢᠯᠠᠭᠤᠷ ᠲᠠᠢ ᠬᠠᠮᠵᠢᠯᠴᠠᠨ ᠲᠤᠰᠬᠠᠢ ᠰᠡᠳᠦᠪᠲᠦ ᠰᠤᠷᠪᠤᠯᠵᠢᠯᠠᠭ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ︔ ᠰᠢᠶᠠᠨ ᠤ ᠨᠠᠮ ᠤᠨ ᠬᠤᠷᠢᠶᠠᠨ ᠤ ᠤᠨᠤᠯ ᠤᠨ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠳᠤ ᠦᠢᠯᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠤᠨ ᠰᠤᠷᠤᠯᠴᠠᠵᠤ ᠬᠡᠷᠡᠭᠯᠡᠬᠦ ᠠᠵᠢᠯ ᠢ ᠰᠠᠶᠢᠲᠤᠷ ᠬᠢᠵᠦ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠢ ᠰᠠᠶᠢᠲᠤᠷ ᠥᠷᠨᠢᠭᠦᠯᠬᠦ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠬᠠᠭᠤᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠣᠨᠢᠨ ᠮᠡᠳᠡᠭᠡᠨ ᠤ ᠭᠠᠳᠠᠭᠠᠳᠤ ᠤᠬᠠᠭᠤᠯᠭ᠎ᠠ ᠶᠢᠨ ᠠᠵᠢᠯ ᠢ ᠶᠡᠬᠡᠪᠡᠷ ᠬᠢᠵᠦ᠂ ᠶᠡᠭᠡ ᠡᠬᠡ ᠨᠤᠤᠷᠠᠭ ᠣᠷᠣᠭᠤᠯᠬᠤ ᠪᠠ ᠰᠠᠶᠢᠨ ᠡᠬᠡ ᠨᠤᠤᠷᠠᠭ ᠣᠷᠣᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ︔ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠠᠷᠠᠳ ᠢᠷᠭᠡᠳ ᠤᠨ ᠪᠣᠯᠪᠠᠰᠤᠨ ᠤ ᠬᠡᠪ ᠪᠣᠯᠪᠠᠰᠤᠷᠠᠯ ᠢ ᠬᠥᠮᠦᠵᠢᠭᠦᠯᠦᠨ ᠳᠡᠭᠡᠭᠰᠢᠯᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠢ ᠬᠥᠮᠦᠵᠢᠭᠦᠯᠬᠦ ᠵᠡᠷᠭᠡ ᠲᠠᠯ᠎ᠠ ᠪᠠᠷ ᠬᠦᠴᠦ ᠲᠠᠯᠪᠢᠬᠤ ᠬᠡᠷᠡᠭᠲᠡᠢ︔ ︽ᠬᠤᠶᠠᠷ ᠢ ᠴᠣᠭᠴᠠᠯᠠᠬᠤ︾ ᠲᠠᠯ᠎ᠠ ᠪᠠᠷ ᠢᠯᠡᠭᠦᠬᠡᠨ ᠦᠷ᠎ᠡ ᠪᠦᠲᠦᠭᠡᠯ ᠭᠠᠷᠭᠠᠵᠤ᠂ ᠰᠣᠶᠣᠯ ᠤᠨ ᠡᠬᠢ ᠪᠠᠶᠠᠯᠢᠭ ᠢ ᠠᠭᠤᠳᠠᠯᠤᠨ ᠪᠠᠶᠢᠭᠤᠯᠬᠤ ᠶᠢ ᠴᠢᠩᠭᠠᠳᠬᠠᠵᠤ᠂ ︽ᠬᠤᠶᠠᠷ ᠢ ᠴᠣᠭᠴᠠᠯᠠᠬᠤ︾ ᠲᠠᠯ᠎ᠠ ᠪᠠᠷ ᠢᠯᠡᠭᠦᠬᠡᠨ ᠰᠣᠳᠣᠨ ᠪᠦᠲᠦᠭᠡᠯ ᠭᠠᠷᠭᠠᠵᠤ᠂ ᠢᠯᠡᠭᠦᠬᠡᠨ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠪᠦᠬᠦ ᠰᠢᠶᠠᠨ ᠤ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠠᠵᠢᠯ ᠤᠨ ᠹᠷᠣᠨᠲ ᠤᠨ ᠡᠯ᠎ᠡ ᠨᠢᠭᠡᠴᠢ ᠶᠢᠨ ᠬᠢᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠤᠨᠤᠯ ᠤᠨ ᠰᠤᠷᠤᠯᠴᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠨᠤᠯ ᠤᠨ ᠰᠤᠷᠤᠯᠴᠠᠯᠭ᠎ᠠ ᠶᠢᠨ ᠪᠠᠶᠢᠩᠭᠤ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠢ᠂ ᠬᠠᠯᠠᠭᠤᠨ ᠳᠤᠯᠠᠭᠠᠨ ᠴᠢᠨᠠᠷ ᠲᠠᠢ᠂ ᠴᠢᠨᠠᠷ ᠴᠢᠨᠰᠠᠭ᠎ᠠ ᠲᠠᠢ ᠰᠠᠶᠢᠨ ᠪᠦᠲᠦᠭᠡᠯ ᠢ ᠴᠢᠷᠮᠠᠶᠢᠨ ᠭᠠᠷᠭᠠᠵᠤ᠂ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2