ᠵᠦᠸᠧᠽᠢ ᠰᠢᠶᠠᠨ ᠤ ᠲᠣᠰ ᠵᠢᠯ ᠤᠨ ᠬᠡᠷᠡᠭᠵᠢᠭᠦᠯᠬᠦ ᠴᠢᠬᠤᠯᠠ ᠶᠡᠭᠡ ᠲᠥᠷᠥᠯ ᠵᠦᠶᠯ ᠨᠢᠭᠡᠨᠲᠡ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2022/7/25
     2022 ᠣᠨ ᠳᠤ᠂ ᠵᠦᠸᠧᠽᠢ ᠰᠢᠶᠠᠨ 20 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠡᠭᠦᠨ ᠳᠤ ᠦᠷᠭᠦᠯᠵᠢᠯᠡᠨ ᠪᠠᠶᠢᠭᠤᠯᠬᠤ 6 ᠲᠦᠷᠦᠯ ᠵᠦᠢᠯ ᠂ ᠰᠢᠨ᠎ᠡ ᠪᠠᠷ ᠪᠠᠶᠢᠭᠤᠯᠬᠤ 14 ᠲᠦᠷᠦᠯ ᠵᠦᠢᠯ ᠪᠠᠶᠢᠨ᠎ᠠ ᠃ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 71.95 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 13.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ 7 ᠰᠠᠷ᠎ᠠ ᠶᠢᠨ 17 ᠤ ᠡᠳᠦᠷ ᠪᠣᠯᠲᠠᠯ᠎ᠠ᠂ ᠵᠦᠸᠧᠽᠢ ᠰᠢᠶᠠᠨ ᠤ 20 ᠴᠢᠬᠤᠯᠠ ᠶᠡᠭᠡ ᠲᠦᠷᠦᠯ ᠵᠦᠢᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠪᠡ︔ 7.585 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠢᠯ ᠤᠨ ᠡᠬᠢᠨ ᠤ ᠬᠠᠷᠠᠯᠲᠠ ᠶᠢᠨ ᠡᠭᠦᠷᠭᠡ ᠶᠢᠨ 58% ᠶᠢ ᠪᠡᠶᠡᠯᠡᠭᠦᠯᠪᠡ︔ ᠭᠠᠷᠳᠠᠮ ᠢ ᠭᠦᠶᠴᠡᠳᠬᠡᠬᠦ ᠲᠠᠯ᠎ᠠ ᠪᠠᠷ᠂ 19 ᠲᠥᠷᠥᠯ ᠵᠦᠶᠯ ᠨᠢ ᠡᠮᠦᠨᠡᠬᠢ ᠬᠤᠭᠤᠴᠠᠭᠠᠨ ᠤ 7 ᠵᠦᠶᠯ ᠤᠨ ᠭᠠᠷᠳᠠᠮ ᠢ ᠭᠦᠶᠴᠡᠳᠬᠡᠬᠦ ᠠᠵᠢᠯ ᠢ ᠨᠢᠭᠡᠨᠲᠡ ᠪᠡᠶᠡᠯᠡᠭᠦᠯᠵᠦ᠂ ᠦᠯᠡᠳᠡᠭᠰᠡᠨ ᠲᠥᠷᠥᠯ ᠵᠦᠶᠯ ᠨᠢ ᠨᠢᠭᠡᠨᠲᠡ 6 ᠵᠦᠶᠯ ᠤᠨ ᠭᠠᠷᠳᠠᠮ ᠢ ᠭᠦᠶᠴᠡᠳᠬᠡᠵᠦ᠂ ᠦᠯᠡᠳᠡᠭᠰᠡᠨ 1 ᠯᠠ ᠵᠦᠶᠯ ᠤᠨ ᠭᠠᠷᠳᠠᠮ ᠢ ᠨᠢᠭᠡᠨᠲᠡ ᠬᠤᠯᠪᠣᠭᠳᠠᠯ ᠪᠥᠬᠦᠶ ᠬᠢᠨᠠᠨ ᠵᠥᠪᠰᠢᠶᠡᠷᠡᠬᠦ ᠨᠢᠭᠡᠴᠢ ᠳᠤ ᠮᠡᠳᠡᠭᠦᠯᠵᠦ᠂ ᠴᠣᠬᠤᠯᠠᠪᠤᠷᠢᠯᠠᠨ ᠬᠠᠷᠢᠭᠤᠯᠬᠤ ᠶᠢ ᠬᠦᠯᠢᠶᠡᠵᠦ ᠪᠠᠶᠢᠨ᠎ᠠ᠃                                              ᠣᠷᠴᠢᠭᠤᠯᠤᠭᠴᠢ᠄ ᠤᠳᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2