︽ᠤᠯᠠᠭᠠᠨᠴᠠᠪ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/7/25
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ  ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠬᠡᠷᠡᠭᠵᠢᠭᠦᠯᠵᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠭᠠᠵᠠᠷ ᠬᠥᠳᠡᠯᠦᠯᠲᠡ ᠶᠢᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠭᠠᠵᠠᠷ ᠬᠥᠳᠡᠯᠦᠯᠲᠡ ᠶᠢᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠨᠠᠶᠢᠷᠠᠭᠤᠯᠤᠨ ᠵᠣᠬᠢᠶᠠᠵᠤ᠂ ᠡᠳᠦᠭᠡ ᠲᠥᠯᠥᠪᠵᠢᠭᠦᠯᠭᠡ ᠶᠢ ᠳᠣᠤᠷᠠᠬᠢ ᠮᠡᠲᠦ ᠲᠠᠶᠢᠯᠪᠤᠷᠢᠯᠠᠶ᠎ᠠ᠃      ᠨᠢᠭᠡ᠂ ︽ᠲᠥᠯᠥᠪᠵᠢᠭᠦᠯᠭᠡ︾ ᠳᠤ ᠤᠯᠠᠭᠠᠨᠴᠠᠪ ᠬᠤᠲᠠ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠣᠯᠤᠭᠰᠠᠨ ᠭᠤᠤᠯ ᠠᠮᠵᠢᠯᠲᠠ ᠪᠦᠲᠦᠮᠵᠢ ᠶᠢ ᠲᠣᠳᠣᠷᠬᠠᠶᠢᠯᠠᠭᠰᠠᠨ ᠤ ᠬᠠᠮᠲᠤ᠂ ᠭᠠᠵᠠᠷ ᠬᠥᠳᠡᠯᠦᠯᠲᠡ ᠶᠢᠨ ᠭᠠᠮᠰᠢᠭ ᠤᠨ ᠪᠠᠶᠢᠳᠠᠯ᠂ ᠰᠢᠨ᠎ᠡ ᠴᠠᠭ ᠦᠶ᠎ᠡ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠳᠤᠷᠠᠳᠤᠭᠰᠠᠨ ᠰᠢᠨ᠎ᠡ ᠡᠭᠦᠷᠭᠡ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠵᠡᠷᠭᠡ ᠲᠠᠯ᠎ᠠ ᠠᠴᠠ ᠣᠳᠣᠬᠠᠨ ᠤ ᠪᠥᠬᠦ ᠬᠤᠲᠠ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠥᠷᠢᠰᠥᠯᠳᠦᠭᠡᠨ ᠪᠠ ᠰᠢᠨ᠎ᠡ ᠱᠠᠭᠠᠷᠳᠠᠯᠭ᠎ᠠ ᠶᠢ ᠵᠠᠳᠠᠯᠤᠭᠰᠠᠨ ᠪᠠᠶᠢᠨ᠎ᠠ᠃      ᠬᠤᠶᠠᠷ᠂ ︽ᠲᠥᠯᠥᠪᠵᠢᠭᠦᠯᠭᠡ︾ ᠳᠤ ᠤᠯᠠᠭᠠᠨᠴᠠᠪ ᠬᠤᠲᠠ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠢᠷᠡᠭᠡᠳᠦᠶ ᠶᠢᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠶᠢ ᠲᠣᠳᠣᠷᠬᠠᠶ ᠲᠣᠭᠲᠠᠭᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠠᠵᠢᠯ ᠤᠨ ᠴᠢᠭᠯᠡᠯᠲᠡ ᠶᠣᠰᠣᠭᠠᠷ᠂ ᠰᠢᠨ᠎ᠡ ᠴᠠᠭ ᠦᠶ᠎ᠡ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠶᠯᠡᠰ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃ ᠡᠭᠦᠨ ᠤ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠬᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠪᠠᠷᠢᠮᠲᠠᠯᠠᠬᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠬᠤ ᠵᠡᠷᠭᠡ ᠲᠠᠪᠤᠨ ᠲᠠᠯ᠎ᠠ ᠶᠢᠨ ᠦᠨᠳᠦᠰᠦᠨ ᠵᠠᠷᠴᠢᠮ ᠢ ᠲᠣᠳᠣᠷᠬᠠᠶᠢᠯᠠᠪᠠ᠃      ᠭᠤᠷᠪᠠ᠂ ︽ᠲᠥᠯᠥᠪᠵᠢᠭᠦᠯᠭᠡ︾ ᠳᠤ 2035 ᠣᠨ ᠪᠣᠯᠬᠤ ᠳᠤ ︽ᠪᠦᠬᠦ ᠬᠤᠲᠠ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︾ ᠭᠡᠵᠦ ᠲᠣᠳᠣᠷᠬᠠᠶ ᠲᠣᠭᠲᠠᠭᠠᠵᠠᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠴᠠᠭ ᠦᠶ᠎ᠡ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠤᠨ ᠣᠳᠣᠬᠢᠴᠢᠯᠠᠭᠰᠠᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠡᠭᠦᠨ ᠤ ᠬᠠᠮᠲᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠥᠷᠳᠡᠭᠡ ᠶᠢᠨ ᠰᠦᠯᠵᠢᠶ᠎ᠡ ᠶᠢ ᠰᠢᠯᠢᠳᠡᠭᠵᠢᠭᠦᠯᠬᠦ᠂ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠶᠢᠨ ᠬᠢᠨᠠᠨ ᠬᠠᠮᠢᠶᠠᠷᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠬᠦᠯᠬᠦ᠂ ᠭᠠᠵᠠᠷ ᠬᠥᠳᠡᠯᠦᠯᠲᠡ ᠶᠢᠨ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠰᠦᠯᠵᠢᠶ᠎ᠡ ᠶᠢ ᠲᠡᠭᠦᠯᠳᠡᠷᠵᠢᠭᠦᠯᠬᠦ ᠪᠠ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠠᠴᠠ ᠪᠦᠬᠦ ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠤᠨ ᠬᠥᠭᠵᠢᠯᠲᠡ ᠶᠢᠨ ᠭᠤᠣᠯ ᠭᠦᠢᠴᠡᠳᠬᠡᠬᠦ ᠲᠤᠭ᠎ᠠ ᠶᠢ ᠬᠡᠮᠵᠢᠶᠡᠵᠢᠭᠦᠯᠪᠡ᠃      ᠲᠦᠷᠪᠡ᠂ ︽ᠲᠥᠯᠥᠪᠵᠢᠭᠦᠯᠭᠡ︾ ᠳᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠤᠯᠠᠨ ᠨᠡᠶᠢᠲᠡ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠳᠡᠭᠡᠭᠰᠢᠯᠡᠭᠦᠯᠬᠦ ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠠᠯ᠎ᠠ ᠪᠠᠷ ᠰᠢᠨ᠎ᠡ ᠶᠢ ᠡᠭᠦᠳᠬᠦ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠪᠤᠨ ᠲᠠᠯ᠎ᠠ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠥᠷᠨᠢᠭᠦᠯᠬᠦ ᠴᠢᠬᠤᠯᠠᠲᠠᠶ ᠭᠤᠣᠯ ᠠᠵᠢᠯ ᠤᠨ ᠡᠭᠦᠷᠭᠡ ᠶᠢ ᠲᠣᠳᠣᠷᠬᠠᠶᠢᠯᠠᠪᠠ᠃      ᠲᠠᠪᠤ᠂ ︽ᠲᠥᠯᠥᠪᠵᠢᠭᠦᠯᠭᠡ︾ ᠳᠤ ᠬᠡᠷᠡᠭᠵᠢᠭᠦᠯᠬᠦ ᠶᠠᠪᠤᠴᠠ ᠳᠠᠬᠢ ᠣᠷᠴᠢᠨ ᠠᠬᠤᠶ ᠳᠤ ᠦᠵᠡᠭᠦᠯᠬᠦ ᠠᠰᠢᠭ ᠦᠭᠡᠢ ᠨᠥᠯᠥᠭᠡ ᠶᠢ ᠲᠣᠳᠣᠷᠬᠠᠶ ᠲᠣᠭᠲᠠᠭᠠᠭᠰᠠᠨ ᠪᠥᠭᠡᠳ ᠣᠷᠴᠢᠨ ᠠᠬᠤᠶ ᠶᠢᠨ ᠨᠥᠯᠥᠭᠡᠯᠡᠯ ᠢ ᠪᠠᠭᠠᠰᠬᠠᠬᠤ ᠪᠦᠲᠦᠮᠵᠢᠲᠡᠶ ᠠᠷᠭ᠎ᠠ ᠬᠡᠮᠵᠢᠶ᠎ᠡ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠣᠷᠴᠢᠨ ᠠᠬᠤᠶ ᠶᠢᠨ ᠪᠣᠬᠢᠷᠲᠤᠯ ᠬᠢᠭᠡᠳ ᠠᠮᠢ ᠠᠬᠤᠶ ᠶᠢᠨ ᠠᠶᠤᠯ ᠲᠦᠭᠰᠢᠭᠦᠷᠢ ᠶᠢ ᠡᠬᠢ ᠰᠤᠷᠪᠤᠯᠵᠢ ᠠᠴᠠ ᠨᠢ ᠬᠥᠩᠭᠡᠷᠡᠭᠦᠯᠵᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠢᠭᠡᠳ ᠣᠷᠴᠢᠨ ᠠᠬᠤᠶ ᠶᠢᠨ ᠬᠠᠮᠠᠭᠠᠯᠠᠯᠲᠠ ᠶᠢ ᠵᠣᠬᠢᠴᠠᠩᠭᠤᠶ ᠪᠠᠷ ᠲᠦᠯᠬᠢᠨ ᠠᠬᠢᠭᠤᠯᠬᠤ ᠶᠢ ᠠᠬᠢᠭᠤᠯᠪᠠ᠃      ᠵᠢᠷᠭᠤᠭ᠎ᠠ᠂ ︽ᠲᠥᠯᠥᠪᠵᠢᠭᠦᠯᠭᠡ︾ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ᠂ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠬᠦᠯᠬᠦ ᠪᠠ ᠲᠥᠯᠥᠪᠵᠢᠭᠦᠯᠭᠡ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠲᠦᠷᠪᠡᠨ ᠲᠠᠯ᠎ᠠ ᠶᠢ ᠲᠣᠳᠣᠷᠬᠠᠶᠢᠯᠠᠵᠤ᠂ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠳᠤ ᠠᠪᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠠᠲᠤᠯᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2