60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠪᠦᠬᠦ ᠲᠠᠯ᠎ᠠ ᠪᠠᠷ | ᠴᠢᠩᠭᠠᠳᠬᠠᠬᠤ ᠶᠢᠨ ᠲᠥᠯᠥᠭᠡ᠂ ᠰᠢᠩ ᠡᡁᠧ ᠰᠢᠶᠠᠨ ᠤ ᠬᠢᠨ ᠬᠠᠷᠢᠶ᠎ᠠ ᠣᠷᠣᠨ ᠤ ᠨᠠᠰᠤᠲᠠᠶᠢᠴᠤᠳ ᠤᠨ ᠲᠤᠭ᠎ᠠ ᠶᠢ | ᠤᠨᠢᠨ ᠳᠡᠭᠡᠷ᠎ᠡ ᠨᠢ ᠣᠶᠢᠯᠠᠭᠠᠨ ᠵᠢᠭᠰᠠᠭᠠᠵᠤ᠂ ᠲᠣᠣᠷᠵᠢᠭᠤᠯᠤᠭᠴᠢ ᠶᠢᠨ ᠡᠭᠦᠳᠡ ᠲᠣᠭᠰᠢᠬᠤ ᠠᠵᠢᠯᠯᠠᠭ᠎ᠠ ᠠᠪᠴᠤ᠂ | ᠡᠷᠤᠬᠡ ᠳᠠᠷᠠᠭᠠᠯᠠᠨ ᠲᠤᠤᠷ ᠲᠠᠲᠠᠬᠤ ᠮᠠᠶ᠋ᠢᠭ ᠤᠨ ᠪᠠᠶᠢᠴᠠᠭᠠᠯᠲᠠ ᠬᠢᠵᠦ᠂ ᠡᠭᠡ ᠲᠠᠩᠰᠠ ᠶᠢ ᠪᠦᠬᠦ ᠲᠠᠯ᠎ᠠ ᠪᠠᠷ | ᠪᠠᠶᠢᠭᠤᠯᠵᠤ᠂ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠥᠷᠨᠢᠭᠦᠯᠬᠦ ᠳᠤ | ᠰᠠᠭᠤᠷᠢ ᠲᠠᠯᠪᠢᠵᠤ᠂ ᠡᠯ᠎ᠡ ᠰᠢᠶᠠᠩ ᠪᠠᠯᠭᠠᠰᠤ ᠨᠡᠶᠢᠭᠡᠮ ᠲᠣᠭᠤᠷᠢᠭ᠂ ᠲᠣᠰᠬᠤᠨ ᠤ ᠠᠷᠠᠳ ᠤᠨ ᠵᠥᠪᠯᠡᠯ ᠤᠨ ᠬᠢᠨ | ᠡᠴᠦᠰ ᠤᠨ ᠲᠡᠭ ᠪᠣᠯᠭᠠᠬᠤ ᠠᠵᠢᠯᠯᠠᠭ᠎ᠠ ᠶᠢ ᠶᠠᠪᠤᠭᠳᠠᠭᠤᠯᠵᠠᠢ᠃ ᠡᠭᠦᠨ ᠤ ᠬᠠᠮᠲᠤ᠂ ᠨᠠᠰᠤᠲᠠᠶᠢᠴᠤᠳ ᠤᠨ ᠪᠣᠳᠠᠲᠠᠶ | ᠪᠠᠶᠢᠳᠠᠯ ᠢ ᠦᠨᠳᠦᠰᠦᠯᠡᠨ᠂ ᠲᠤᠰᠴᠤ ᠬᠦᠷᠭᠡᠬᠦ ᠵᠡᠷᠭᠡ ᠦᠶᠯᠡᠴᠢᠯᠡᠭᠡᠨ ᠤ ᠪᠠᠲᠤᠯᠠᠭ᠎ᠠ ᠬᠠᠩᠭᠠᠵᠤ᠂ ᠸᠠᠺᠼᠢᠨ ᠤ | ᠲᠠᠷᠢᠯᠭ᠎ᠠ ᠶᠢᠨ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | 7 ᠰᠠᠷ᠎ᠠ ᠶᠢᠨ 20 ᠤ ᠡᠳᠦᠷ ᠪᠣᠯᠲᠠᠯ᠎ᠠ᠂ ᠰᠢᠩ ᠾᠧ ᠰᠢᠶᠠᠨ ᠤ 60 ᠨᠠᠰᠤᠨ ᠠᠴᠠ ᠳᠡᠭᠡᠭᠰᠢᠬᠢ | ᠬᠥᠮᠦᠰ ᠲᠤ 47583 ᠬᠥᠮᠦᠨ ᠤ ᠲᠠᠷᠢᠯᠭ᠎ᠠ ᠬᠢᠵᠦ᠂ ᠰᠢᠩ ᠾᠧ ᠰᠢᠶᠠᠨ ᠤ ᠬᠢᠨ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠤᠨ ᠰᠢᠨ᠎ᠡ ᠲᠢᠲᠢᠮᠯᠡᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠦᠷᠭᠦᠯᠵᠢᠯᠡᠨ | ᠥᠷᠨᠢᠭᠦᠯᠵᠦ᠂ ᠲᠠᠷᠢᠯᠭ᠎ᠠ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |