ᠤᠯᠠᠭᠠᠨᠴᠠᠪ ᠠᠯᠪᠠᠨ ᠲᠠᠷᠬᠠᠭᠠᠭᠰᠠᠨ ﹇2022﹈ 15 ᠳ᠋ᠤᠭᠠᠷ ᠲᠣᠭᠠᠲᠤ | | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠤᠯᠠᠭᠠᠨᠴᠠᠪ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ ᠲᠡᠳᠬᠦᠬᠦ ᠠᠷᠭ᠎ᠠ︾ ᠶᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠳᠤ᠄ | ︽ᠤᠯᠠᠭᠠᠨᠴᠠᠪ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ ᠲᠡᠳᠬᠦᠬᠦ | ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ 5 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | 2022 ᠣᠨ ᠤ 4 ᠰᠠᠷ᠎ᠠ ᠶᠢᠨ 6 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | | | ᠤᠯᠠᠭᠠᠨᠴᠠᠪ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ ᠲᠡᠳᠬᠦᠬᠦ | ᠠᠷᠭ᠎ᠠ | | ᠶᠡᠷᠦᠩᠬᠡᠶ ᠳᠦᠷᠢᠮ | ᠨᠢᠭᠡᠳᠦᠭᠡᠷ ᠵᠦᠢᠯ ︽ᠰᠢᠨ᠎ᠡ ᠪᠠᠶᠢᠳᠠᠯ ᠤᠨ ᠳᠣᠣᠷ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ ᠤᠳ︾ ︽ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ | ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ | ᠬᠠᠮᠢᠶᠠᠷᠬᠤ ᠪᠠ ᠦᠶᠯᠡᠴᠢᠯᠡᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠂ ᠰᠢᠨ᠎ᠡ ᠶᠢ ᠡᠭᠦᠳᠦᠨ ᠠᠳᠠᠯ ᠦᠶᠯᠡᠰ | ᠴᠣᠭᠴᠠᠯᠠᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠠᠭᠠᠨᠴᠠᠪ ᠬᠤᠲᠠ ᠶᠢᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ | ︽ᠤᠯᠠᠭᠠᠨᠴᠠᠪ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ ᠲᠡᠳᠬᠦᠬᠦ ᠠᠷᠭ᠎ᠠ | ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ | ᠬᠤᠶᠠᠳᠤᠭᠠᠷ ᠵᠦᠶᠯ ᠲᠣᠰ ︽ᠠᠷᠭ᠎ᠠ︾ ᠳᠤ ᠵᠢᠭᠠᠵᠤ ᠪᠠᠶᠢᠭ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠱᠠᠩᠨᠠᠨ ᠲᠡᠳᠬᠦᠬᠦ ᠳᠤ ᠲᠠᠸᠠᠷ ᠤᠨ ᠲᠡᠮᠳᠡᠭ ᠪᠠ ᠭᠠᠵᠠᠷ ᠵᠦᠶ ᠶᠢᠨ ᠲᠡᠮᠳᠡᠭ ᠤᠨ ᠬᠠᠮᠠᠭᠠᠯᠠᠯᠲᠠ ᠶᠢᠨ | ᠪᠦᠲᠦᠭᠡᠭᠳᠡᠬᠦᠨ ᠤ ᠬᠡᠷᠡᠭᠯᠡᠯᠲᠡ ᠶᠢ ᠠᠬᠢᠭᠤᠯᠤᠭᠰᠠᠨ ᠱᠠᠩᠨᠠᠯ᠂ ᠰᠢᠨ᠎ᠡ ᠶᠢ ᠡᠭᠦᠳᠬᠦ ᠭᠤᠤᠯ ᠴᠣᠭᠴᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠠᠬᠢᠭᠤᠯᠤᠭᠰᠠᠨ ᠱᠠᠩᠨᠠᠯ ᠲᠡᠳᠬᠦᠮᠵᠢ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠢ | ᠠᠬᠢᠭᠤᠯᠤᠭᠰᠠᠨ ᠲᠡᠳᠬᠦᠮᠵᠢ ᠶᠢ ᠪᠠᠭᠲᠠᠭᠠᠨ᠎ᠠ᠃ | ᠭᠤᠷᠪᠠᠳᠤᠭᠠᠷ ᠵᠦᠶᠯ ᠲᠣᠰ ︽ᠠᠷᠭ᠎ᠠ︾ ᠳᠤ ᠬᠡᠷᠡᠭᠯᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠱᠠᠩᠨᠠᠵᠤ ᠲᠡᠳᠬᠦᠬᠦ ᠵᠠᠷᠤᠳᠠᠯ ᠢ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ | ᠣᠷᠣᠭᠤᠯᠤᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠤᠯᠠᠭᠠᠨᠴᠠᠪ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ ᠲᠡᠳᠬᠦᠬᠦ ᠵᠠᠷᠤᠳᠠᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ᠎ᠠ᠃ | ᠳᠥᠷᠪᠡᠳᠦᠭᠡᠷ ᠵᠦᠶᠯ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠬᠠᠷᠢᠶᠠᠯᠠᠯ ᠤᠨ ᠣᠷᠣᠨ ᠤ ᠳᠣᠲᠣᠷ᠎ᠠ | ᠳᠠᠩᠰᠠᠯᠠᠭᠤᠯᠤᠭᠰᠠᠨ ᠡᠯ᠎ᠡ ᠲᠥᠷᠥᠯ ᠤᠨ ᠭᠤᠤᠯ ᠴᠣᠭᠴᠠ ᠨᠢ ᠲᠣᠰ ︽ᠠᠷᠭ᠎ᠠ︾ ᠶᠢ ᠦᠨᠳᠦᠰᠦᠯᠡᠨ | ᠭᠤᠶᠤᠴᠢᠯᠠᠯ ᠢᠶᠠᠨ ᠳᠡᠪᠰᠢᠭᠦᠯᠵᠦ ᠪᠣᠯᠤᠨ᠎ᠠ᠃ | ᠬᠤᠶᠠᠳᠤᠭᠠᠷ ᠪᠦᠯᠦᠭ ᠱᠠᠩᠨᠠᠨ ᠬᠥᠬᠢᠭᠦᠯᠬᠦ ᠪᠠ ᠵᠣᠭᠤᠰ ᠮᠥᠩᠭᠦ ᠪᠠᠷ ᠲᠤᠰᠠᠯᠠᠬᠤ ᠬᠡᠪᠴᠢᠶ᠎ᠡ ᠪᠠ ᠲᠤᠭ᠎ᠠ | ᠬᠡᠮᠵᠢᠶ᠎ᠡ | ᠲᠠᠪᠤᠳᠤᠭᠠᠷ ᠵᠦᠶᠯ ᠲᠠᠸᠠᠷ ᠤᠨ ᠲᠡᠮᠳᠡᠭ ᠪᠠ ᠭᠠᠵᠠᠷ ᠵᠦᠶ ᠶᠢᠨ ᠲᠡᠮᠳᠡᠭ ᠤᠨ ᠬᠠᠮᠠᠭᠠᠯᠠᠯᠲᠠ ᠶᠢᠨ | ᠪᠦᠲᠦᠭᠡᠭᠳᠡᠬᠦᠨ ᠤ ᠬᠡᠷᠡᠭᠯᠡᠯᠲᠡ ᠶᠢ ᠠᠬᠢᠭᠤᠯᠬᠤ ᠱᠠᠩᠨᠠᠯ ᠳᠤ ᠭᠠᠵᠠᠷ ᠵᠦᠶ ᠶᠢᠨ ᠲᠡᠮᠳᠡᠭ ᠤᠨ ᠲᠠᠸᠠᠷ ᠤᠨ | ᠲᠡᠮᠳᠡᠭ ᠤᠨ ᠱᠠᠩᠨᠠᠯ᠂ ᠮᠠᠳ᠋ᠷᠢᠳ᠋ ᠤᠨ ᠣᠯᠠᠨ ᠤᠯᠤᠰ ᠤᠨ ᠲᠠᠸᠠᠷ ᠤᠨ ᠲᠡᠮᠳᠡᠭ ᠤᠨ ᠳᠠᠩᠰᠠᠯᠠᠭᠤᠯᠤᠯᠲᠠ ᠶᠢᠨ ᠱᠠᠩᠨᠠᠯ | ᠂ ᠭᠠᠵᠠᠷ ᠵᠦᠶ ᠶᠢᠨ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠤ ᠱᠠᠩᠨᠠᠯ ᠢ ᠪᠠᠭᠲᠠᠭᠠᠨ᠎ᠠ᠃ | ︵ᠨᠢᠭᠡ︶ ᠭᠠᠵᠠᠷ ᠵᠦᠢ ᠶᠢᠨ ᠲᠡᠮᠳᠡᠭ ᠤᠨ ᠲᠠᠸᠠᠷ ᠤᠨ ᠲᠡᠮᠳᠡᠭ ᠶᠢᠨ ᠱᠠᠩᠨᠠᠯ | ᠰᠢᠨ᠎ᠡ ᠪᠠᠷ ᠳᠠᠩᠰᠠᠯᠠᠭᠤᠯᠤᠭᠰᠠᠨ ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ︵ᠬᠠᠮᠲᠤ ᠨᠡᠶᠢᠲᠡ︶ ᠤᠨ | ᠲᠠᠸᠠᠷ ᠤᠨ ᠲᠡᠮᠳᠡᠭᠲᠦ ᠶᠢ ᠳᠠᠩᠰᠠᠯᠠᠭᠤᠯᠤᠭᠰᠠᠨ ᠣᠷᠣᠨ ᠪᠦᠰᠡ ᠶᠢᠨ ᠳᠣᠲᠣᠷ᠎ᠠ ᠬᠡᠷᠡᠭᠯᠡᠬᠦ ᠶᠢᠨ ᠬᠠᠮᠲᠤ ᠰᠠᠶᠢᠨ | ᠦᠷ᠎ᠡ ᠪᠦᠲᠦᠮᠵᠢ ᠣᠯᠤᠭᠰᠠᠨ ᠪᠠᠶᠢᠪᠠᠯ᠂ ᠰᠢᠷᠬᠡᠭ ᠪᠦᠷᠢ ᠳᠤ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ︵ᠬᠤᠶᠠᠷ︶ ᠮᠠᠳ᠋ᠷᠢᠳ᠋ ᠤᠨ ᠲᠠᠸᠠᠷ ᠤᠨ ᠲᠡᠮᠳᠡᠭ ᠤᠨ ᠣᠯᠠᠨ ᠤᠯᠤᠰ ᠲᠤ ᠳᠠᠩᠰᠠᠯᠠᠭᠤᠯᠤᠭᠰᠠᠨ ᠱᠠᠩᠨᠠᠯ | ᠮᠠᠳ᠋ᠷᠢᠳ᠋ ᠤᠨ ᠰᠢᠰᠲ᠋ᠧᠮ ᠢᠶᠠᠷ ᠳᠡᠮᠵᠢᠨ ᠰᠢᠨ᠎ᠡ ᠪᠠᠷ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢ ᠤᠯᠤᠰ | ︵ᠭᠠᠵᠠᠷ ᠣᠷᠣᠨ︶ ᠨᠢᠭᠡᠪᠦᠷᠢ ᠳᠤ 1 ᠲᠦᠮᠡᠨ ᠲᠥᠭᠦᠷᠢᠭ ᠢᠶᠠᠷ ᠱᠠᠩᠨᠠᠵᠤ᠂ ᠠᠳᠠᠯᠢ ᠨᠢᠭᠡᠨ ᠲᠠᠸᠠᠷ ᠤᠨ | ᠲᠡᠮᠳᠡᠭᠲᠦ ᠳᠤ ᠬᠠᠮᠤᠭ ᠠᠷᠪᠢᠨ ᠳᠠᠭᠠᠨ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ︵ᠭᠤᠷᠪᠠ︶ ᠭᠠᠵᠠᠷ ᠵᠦᠢ ᠶᠢᠨ ᠪᠡᠯᠭᠡ ᠳᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠤ ᠱᠠᠩᠨᠠᠯ | ᠰᠢᠨ᠎ᠡ ᠪᠠᠷ ᠣᠯᠤᠭᠰᠠᠨ ᠭᠠᠵᠠᠷ ᠵᠦᠢ ᠶᠢᠨ ᠪᠡᠯᠭᠡ ᠳᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠢ | ᠳᠠᠩᠰᠠᠯᠠᠭᠤᠯᠤᠭᠰᠠᠨ ᠣᠷᠣᠨ ᠪᠦᠰᠡ ᠶᠢᠨ ᠳᠣᠲᠣᠷ᠎ᠠ ᠬᠡᠷᠡᠭᠯᠡᠬᠦ ᠶᠢᠨ ᠬᠠᠮᠲᠤ ᠰᠠᠶᠢᠨ ᠦᠷ᠎ᠡ ᠪᠦᠲᠦᠮᠵᠢ ᠣᠯᠤᠭᠰᠠᠨ | ᠪᠠᠶᠢᠪᠠᠯ᠂ ᠰᠢᠷᠬᠡᠭ ᠪᠦᠷᠢ ᠳᠤ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠵᠢᠷᠭᠤᠳᠤᠭᠠᠷ ᠵᠦᠶᠯ ᠰᠢᠨ᠎ᠡ ᠶᠢ ᠡᠭᠦᠳᠬᠦ ᠭᠤᠤᠯ ᠴᠣᠭᠴᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠠᠵᠢᠯ ᠢ ᠠᠬᠢᠭᠤᠯᠤᠭᠰᠠᠨ ᠱᠠᠩᠨᠠᠯ ᠲᠡᠳᠬᠦᠮᠵᠢ | ᠡᠭᠦᠨ ᠳᠤ ᠪᠠᠷᠢᠮᠵᠢᠶ᠎ᠠ ᠳᠤ ᠨᠡᠶᠢᠴᠡᠭᠰᠡᠨ ᠭᠡᠷᠡᠴᠢᠯᠡᠯ ᠤᠨ ᠲᠡᠳᠬᠦᠮᠵᠢ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ ᠢᠨᠵᠧᠨᠧᠷᠢᠩ ᠤᠨ | ᠲᠡᠳᠬᠦᠮᠵᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠡᠳᠡᠯᠭᠡ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠴᠡᠭ ᠤᠨ ᠰᠢᠶᠠᠨ ᠤ ᠲᠡᠳᠬᠦᠮᠵᠢ᠂ ᠤᠯᠤᠰ | ᠪᠠ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ | ᠳᠠᠪᠠᠭᠤᠯᠢᠭ ᠠᠵᠤ ᠠᠬᠤᠶᠢᠯᠠᠯ ᠤᠨ ᠲᠡᠳᠬᠦᠮᠵᠢ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠵᠤ ᠨᠠᠶᠢᠳᠠᠨ ᠬᠠᠮᠢᠶᠠᠷᠤᠭᠤᠯᠬᠤ ᠠᠵᠢᠯ ᠤᠨ ᠲᠡᠳᠬᠦᠮᠵᠢ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠵᠤ ᠵᠢᠷᠤᠮᠵᠢᠭᠤᠯᠤᠨ ᠪᠤᠶᠢᠵᠢᠭᠤᠯᠬᠤ ᠵᠠᠬ᠎ᠠ ᠳᠡᠯᠭᠡᠭᠦᠷ ᠤᠨ | ᠲᠡᠳᠬᠦᠮᠵᠢ᠂ ᠳᠤᠮᠳᠠᠳᠤ ᠤᠯᠤᠰ ᠤᠨ ᠲᠤᠰᠬᠠᠶ ᠠᠰᠢᠭ ︵ᠭᠠᠳᠠᠷ ᠳᠦᠷᠰᠦ ᠶᠢᠨ ᠵᠢᠷᠤᠭ ᠲᠥᠯᠥᠪᠯᠡᠭᠡ ᠪᠠᠭᠲᠠᠨ᠎ᠠ︶ | ᠤᠨ ᠱᠠᠩᠨᠠᠯ ᠤᠨ ᠱᠠᠩᠨᠠᠯ ᠬᠥᠬᠢᠭᠦᠯᠦᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠥᠵᠢᠯ ᠤᠨ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠲᠡᠳᠬᠦᠮᠵᠢ ᠶᠢ ᠪᠠᠭᠲᠠᠭᠠᠨ᠎ᠠ᠃ | ︵ᠨᠢᠭᠡ︶ ᠪᠠᠷᠢᠮᠵᠢᠶ᠎ᠠ ᠳᠤ ᠨᠡᠶᠢᠴᠡᠭᠰᠡᠨ ᠭᠡᠷᠡᠴᠢᠯᠡᠯ ᠤᠨ ᠲᠡᠳᠬᠦᠮᠵᠢ | 1. ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ | ᠵᠢᠷᠤᠮᠵᠢᠯ︾ ︵GB/T29490 — 2013︶ ᠤᠨ ᠤᠯᠤᠰ ᠤᠨ ᠪᠠᠷᠢᠮᠵᠢᠶ᠎ᠠ ᠶᠢᠨ ᠭᠡᠷᠡᠴᠢᠯᠡᠭᠡ ᠶᠢ | ᠰᠢᠨ᠎ᠡ ᠪᠠᠷ ᠪᠠᠲᠤᠯᠠᠭᠰᠠᠨ ᠠᠵᠤ ᠠᠬᠤᠶᠢᠯᠠᠯ ᠢ 10 ᠲᠦᠮᠡᠨ ᠲᠥᠭᠦᠷᠢᠭ ᠵᠣᠭᠤᠰ ᠢᠶᠠᠷ ᠲᠤᠰᠠᠯᠠᠨ᠎ᠠ︔ | 2. ︽ᠳᠡᠭᠡᠳᠦ ᠵᠡᠷᠭᠡ ᠶᠢᠨ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠢᠶᠠᠷᠤᠯᠲᠠ ᠶᠢᠨ ᠵᠢᠷᠤᠮᠵᠢᠯ︾ ︵GB/T 33251 — 2016︶ ᠤᠨ ᠤᠯᠤᠰ ᠤᠨ ᠪᠠᠷᠢᠮᠵᠢᠶ᠎ᠠ ᠶᠢᠨ | ᠭᠡᠷᠡᠴᠢᠯᠡᠭᠡ ᠶᠢ ᠰᠢᠨ᠎ᠡ ᠪᠠᠷ ᠪᠠᠲᠤᠯᠠᠭᠰᠠᠨ ᠳᠡᠭᠡᠳᠦ ᠵᠡᠷᠭᠡ ᠶᠢᠨ ᠰᠤᠷᠭᠠᠭᠤᠯᠢ ᠳᠤ 10 ᠲᠦᠮᠡᠨ ᠲᠥᠭᠦᠷᠢᠭ | ᠵᠣᠭᠤᠰ ᠢᠶᠠᠷ ᠲᠤᠰᠠᠯᠠᠨ᠎ᠠ︔ | 3. ︽ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ︾ ︵GB/T 33250 — | 2016︶ ᠤᠨ ᠤᠯᠤᠰ ᠤᠨ ᠪᠠᠷᠢᠮᠵᠢᠶ᠎ᠠ ᠶᠢᠨ ᠭᠡᠷᠡᠴᠢᠯᠡᠭᠡ ᠶᠢ ᠰᠢᠨ᠎ᠡ ᠪᠠᠷ ᠪᠠᠲᠤᠯᠠᠭᠰᠠᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠢ 10 ᠲᠦᠮᠡᠨ ᠲᠥᠭᠦᠷᠢᠭ ᠵᠣᠭᠤᠰ ᠢᠶᠠᠷ ᠲᠤᠰᠠᠯᠠᠨ᠎ᠠ᠃ | ︵ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠰᠢᠶᠠᠨ ᠢ ᠬᠦᠴᠦᠷᠬᠡᠭᠵᠢᠭᠦᠯᠬᠦ ᠢᠨᠵᠧᠨᠧᠷᠢᠩ ᠤᠨ ᠲᠡᠳᠬᠦᠮᠵᠢ | ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠰᠢᠶᠠᠨ ᠢ ᠬᠦᠴᠦᠷᠬᠡᠭᠵᠢᠭᠦᠯᠬᠦ ᠢᠨᠵᠧᠨᠧᠷᠢᠩ ᠳᠤ 20 ᠲᠦᠮᠡᠨ ᠲᠥᠭᠦᠷᠢᠭ ᠪᠠᠷ ᠲᠤᠰᠠᠯᠠᠨ᠎ᠠ︔ ᠥᠪᠡᠷᠲᠡᠭᠡᠨ | ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠶᠠᠨ ᠢ ᠬᠦᠴᠦᠷᠬᠡᠭᠵᠢᠭᠦᠯᠬᠦ | ᠢᠨᠵᠧᠨᠧᠷᠢᠩ ᠢᠶᠠᠷ ᠰᠢᠨ᠎ᠡ ᠪᠠᠷ ᠵᠥᠪᠰᠢᠶᠡᠷᠡᠭᠳᠡᠭᠰᠡᠨ ᠪᠠᠶᠢᠪᠠᠯ᠂ 10 ᠲᠦᠮᠡᠨ ᠲᠥᠭᠦᠷᠢᠭ ᠢᠶᠠᠷ ᠲᠤᠰᠠᠯᠠᠨ᠎ᠠ᠃ | ︵ᠭᠤᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠡᠳᠡᠯᠭᠡ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠴᠡᠭ ᠤᠨ ᠰᠢᠶᠠᠨ ᠤ ᠲᠡᠳᠬᠦᠮᠵᠢ | ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠤᠯᠠᠮᠵᠢᠯᠠᠯᠲᠤ ᠮᠡᠳᠡᠯᠭᠡ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠴᠡᠭ ᠤᠨ ᠰᠢᠶᠠᠨ ᠢ 20 ᠲᠦᠮᠡᠨ ᠲᠥᠭᠦᠷᠢᠭ ᠵᠣᠭᠤᠰ ᠢᠶᠠᠷ | ᠲᠤᠰᠠᠯᠠᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠡᠳᠡᠯᠭᠡ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠴᠡᠭ ᠤᠨ ᠰᠢᠶᠠᠨ ᠢ 10 | ᠲᠦᠮᠡᠨ ᠲᠥᠭᠦᠷᠢᠭ ᠢᠶᠠᠷ ᠲᠤᠰᠠᠯᠠᠨ᠎ᠠ᠃ | ︵ᠳᠥᠷᠪᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠵᠢᠱᠢᠶ᠎ᠡ ᠦᠵᠡᠭᠦᠯᠬᠦ᠂ ᠳᠠᠪᠠᠭᠤᠯᠢᠭ ᠠᠵᠤ ᠠᠬᠤᠶᠢᠯᠠᠯ ᠤᠨ ᠲᠡᠳᠬᠦᠮᠵᠢ | 1. ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠵᠢᠱᠢᠶ᠎ᠡ ᠦᠵᠡᠭᠦᠯᠬᠦ ᠠᠵᠤ ᠠᠬᠤᠶᠢᠯᠠᠯ ᠢ 20 ᠲᠦᠮᠡᠨ ᠲᠥᠭᠦᠷᠢᠭ ᠢᠶᠠᠷ ᠲᠤᠰᠠᠯᠠᠨ᠎ᠠ︔ ᠰᠢᠨ᠎ᠡ ᠪᠠᠷ | ᠵᠥᠪᠰᠢᠶᠡᠷᠡᠭᠳᠡᠭᠰᠡᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ | ᠠᠬᠤᠶᠢᠯᠠᠯ ᠳᠤ 10 ᠲᠦᠮᠡᠨ ᠲᠥᠭᠦᠷᠢᠭ ᠢᠶᠠᠷ ᠲᠤᠰᠠᠯᠠᠨ᠎ᠠ︔ 2. ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ | ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠠᠵᠤ | ᠠᠬᠤᠶᠢᠯᠠᠯ ᠳᠤ 10 ᠲᠦᠮᠡᠨ ᠲᠥᠭᠦᠷᠢᠭ ᠲᠤᠰᠠᠯᠠᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ | ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠳᠤ 5 ᠲᠦᠮᠡᠨ | ᠲᠥᠭᠦᠷᠢᠭ ᠲᠤᠰᠠᠯᠠᠨ᠎ᠠ᠃ | ︵ᠲᠠᠪᠤ︶ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ | ᠬᠠᠮᠠᠭᠠᠯᠠᠵᠤ ᠨᠠᠶᠢᠳᠠᠨ ᠬᠠᠮᠢᠶᠠᠷᠤᠭᠤᠯᠬᠤ ᠠᠵᠢᠯ ᠤᠨ ᠲᠡᠳᠬᠦᠮᠵᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ ᠤ ᠪᠠᠶᠢᠭᠤᠯᠤᠮᠵᠢ ᠨᠢ ᠤᠯᠠᠭᠠᠨᠴᠠᠪ | ᠬᠤᠲᠠ ᠶᠢᠨ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠨ ᠬᠠᠮᠠᠭᠠᠯᠠᠵᠤ ᠨᠠᠶᠢᠳᠠᠨ ᠬᠠᠮᠢᠶᠠᠷᠤᠭᠤᠯᠬᠤ ᠠᠵᠢᠯ ᠢ ᠥᠷᠨᠢᠭᠦᠯᠵᠦ᠂ 10 ᠠᠵᠤ ᠠᠬᠤᠶᠢᠯᠠᠯ ᠠᠴᠠ ᠳᠡᠭᠡᠭᠰᠢ | ᠨᠠᠶᠢᠳᠠᠭᠤᠯᠤᠨ ᠬᠠᠮᠢᠶᠠᠷᠤᠭᠰᠠᠨ ᠬᠠᠮᠲᠤ ᠰᠠᠶᠢᠨ ᠦᠷ᠎ᠡ ᠪᠦᠲᠦᠮᠵᠢ ᠣᠯᠤᠭᠰᠠᠨ ᠪᠠᠶᠢᠪᠠᠯ᠂ ᠨᠠᠶᠢᠳᠠᠭᠤᠯᠤᠨ | ᠬᠠᠮᠢᠶᠠᠷᠤᠭᠰᠠᠨ 1 ᠡᠷᠦᠬᠡ ᠪᠦᠷᠢ 0.5 ᠲᠦᠮᠡᠨ ᠲᠥᠭᠦᠷᠢᠭ ᠢᠶᠠᠷ ᠲᠤᠰᠠᠯᠠᠵᠤ᠂ ᠵᠢᠯ ᠪᠦᠷᠢ ᠬᠠᠮᠤᠭ ᠤᠨ | ᠥᠨᠳᠥᠷ ᠲᠡᠭᠡᠨ 10 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ | ᠵᠢᠷᠤᠮᠵᠢᠭᠤᠯᠤᠨ ᠪᠤᠶᠢᠵᠢᠭᠤᠯᠬᠤ ᠵᠠᠬ᠎ᠠ ᠳᠡᠯᠭᠡᠭᠦᠷ ᠤᠨ ᠲᠡᠳᠬᠦᠮᠵᠢ | ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠶᠢᠨ ᠵᠢᠷᠤᠮᠵᠢᠭᠤᠯᠤᠨ ᠪᠤᠶᠢᠵᠢᠭᠤᠯᠬᠤ ᠵᠠᠬ᠎ᠠ ᠳᠡᠯᠭᠡᠭᠦᠷ ᠲᠤ 20 ᠲᠦᠮᠡᠨ ᠲᠥᠭᠦᠷᠢᠭ ᠢᠶᠠᠷ | ᠲᠤᠰᠠᠯᠠᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠵᠢᠷᠤᠮᠵᠢᠭᠤᠯᠤᠨ ᠪᠤᠶᠢᠵᠢᠭᠤᠯᠬᠤ ᠵᠠᠬ᠎ᠠ ᠳᠡᠯᠭᠡᠭᠦᠷ ᠲᠤ | 10 ᠲᠦᠮᠡᠨ ᠲᠥᠭᠦᠷᠢᠭ ᠵᠣᠭᠤᠰ ᠢᠶᠠᠷ ᠲᠤᠰᠠᠯᠠᠨ᠎ᠠ᠃ | ︵ᠳᠣᠯᠤᠭ᠎ᠠ︶ ᠳᠤᠮᠳᠠᠳᠤ ᠤᠯᠤᠰ ᠤᠨ ᠲᠤᠰᠬᠠᠶ ᠠᠰᠢᠭ ︵ᠭᠠᠳᠠᠷ ᠳᠦᠷᠰᠦ ᠶᠢᠨ ᠵᠢᠷᠤᠭ ᠲᠥᠯᠥᠪᠯᠡᠭᠡ | ᠪᠠᠭᠲᠠᠨ᠎ᠠ︶ ᠤᠨ ᠱᠠᠩᠨᠠᠯ ᠤᠨ ᠱᠠᠩᠨᠠᠯ ᠬᠥᠬᠢᠭᠦᠯᠦᠯ ᠳᠤ ᠳᠤᠮᠳᠠᠳᠤ ᠤᠯᠤᠰ ᠤᠨ ᠲᠤᠰᠬᠠᠶ ᠠᠰᠢᠭ ᠤᠨ ᠠᠯᠲᠠᠨ | ᠱᠠᠩᠨᠠᠯ᠂ ᠮᠥᠩᠭᠦᠨ ᠱᠠᠩᠨᠠᠯ᠂ ᠰᠢᠯᠢᠳᠡᠭ ᠱᠠᠩᠨᠠᠯ ᠢ ᠰᠢᠨ᠎ᠡ ᠪᠠᠷ ᠭᠥᠷᠳᠡᠭᠰᠡᠳ ᠢ ᠲᠣᠰ ᠲᠣᠰ 20 ᠲᠦᠮᠡᠨ | ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ᠂ ᠳᠤᠮᠳᠠᠳᠤ ᠤᠯᠤᠰ ᠤᠨ | ᠲᠤᠰᠬᠠᠶ ᠠᠰᠢᠭ ᠤᠨ ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢᠨ ᠠᠯᠲᠠᠨ ᠱᠠᠩᠨᠠᠯ᠂ ᠮᠥᠩᠭᠦᠨ ᠱᠠᠩᠨᠠᠯ᠂ | ᠰᠢᠯᠢᠳᠡᠭ ᠱᠠᠩᠨᠠᠯ ᠢ ᠰᠢᠨ᠎ᠡ ᠪᠠᠷ ᠭᠥᠷᠳᠡᠭᠰᠡᠳ ᠢ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ᠂ | 3 ᠲᠦᠮᠡᠨ ᠲᠥᠭᠦᠷᠢᠭ ᠢᠶᠠᠷ ᠱᠠᠩᠨᠠᠨ᠎ᠠ᠃ | ︵ᠨᠠᠢᠮᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ᠂ ᠲᠤᠷᠰᠢᠯᠲᠠ ᠶᠢᠨ | ᠴᠡᠭ ᠤᠨ ᠰᠤᠷᠭᠠᠭᠤᠯᠢ ᠶᠢᠨ ᠲᠡᠳᠬᠦᠮᠵᠢ | 1. ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ | ᠰᠤᠷᠭᠠᠭᠤᠯᠢ ᠳᠤ 20 ᠲᠦᠮᠡᠨ ᠲᠥᠭᠦᠷᠢᠭ ᠢᠶᠠᠷ ᠲᠤᠰᠠᠯᠠᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ | ᠲᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ | ᠬᠥᠮᠦᠵᠢᠯ ᠤᠨ ᠲᠤᠷᠰᠢᠯᠲᠠ ᠶᠢᠨ ᠴᠡᠭ ᠤᠨ ᠰᠤᠷᠭᠠᠭᠤᠯᠢ ᠳᠤ 10 ᠲᠦᠮᠡᠨ ᠲᠥᠭᠦᠷᠢᠭ ᠢᠶᠠᠷ ᠲᠤᠰᠠᠯᠠᠨ᠎ᠠ᠃ | 2. ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠᠳᠤ ᠪᠠᠭ᠎ᠠ | ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠵᠢᠱᠢᠶ᠎ᠡ | ᠦᠵᠡᠭᠦᠯᠬᠦ ᠰᠤᠷᠭᠠᠭᠤᠯᠢ ᠳᠤ 10 ᠲᠦᠮᠡᠨ ᠲᠥᠭᠦᠷᠢᠭ ᠲᠤᠰᠠᠯᠠᠨ᠎ᠠ︔ ᠰᠢᠨ᠎ᠡ ᠪᠠᠷ ᠵᠥᠪᠰᠢᠶᠡᠷᠡᠭᠳᠡᠭᠰᠡᠨ | ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠴᠡᠭ ᠤᠨ ᠰᠤᠷᠭᠠᠭᠤᠯᠢ ᠳᠤ 5 ᠲᠦᠮᠡᠨ | ᠲᠥᠭᠦᠷᠢᠭ ᠲᠤᠰᠠᠯᠠᠨ᠎ᠠ︔ | ᠳᠣᠯᠣᠳᠤᠭᠠᠷ ᠵᠦᠶᠯ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ ᠤ | ᠪᠠᠶᠢᠭᠤᠯᠤᠮᠵᠢ ᠶᠢᠨ ᠠᠵᠢᠯ ᠤᠨ ᠲᠡᠳᠬᠦᠮᠵᠢ | ᠡᠭᠦᠨ ᠳᠤ ᠰᠢᠨ᠎ᠡ ᠪᠠᠷ ᠪᠠᠶᠢᠭᠤᠯᠤᠭᠰᠠᠨ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠪᠤᠶᠤ | ᠰᠠᠯᠪᠤᠷᠢ ᠪᠠᠶᠢᠭᠤᠯᠤᠮᠵᠢ ᠶᠢᠨ ᠲᠡᠳᠬᠦᠮᠵᠢ᠂ ᠡᠭᠦᠳᠦᠯᠲᠡ ᠶᠢᠨ ᠲᠤᠰᠬᠠᠶ ᠠᠰᠢᠭ ᠢ ᠣᠷᠣᠯᠠᠨ ᠭᠦᠢᠴᠡᠳᠬᠡᠬᠦ ᠡᠷᠬᠡ | ᠣᠯᠭᠤᠯᠲᠠ ᠶᠢᠨ ᠲᠡᠳᠬᠦᠮᠵᠢ ᠶᠢ ᠪᠠᠭᠲᠠᠭᠠᠨ᠎ᠠ᠃ | ︵ᠨᠢᠭᠡ︶ ᠰᠢᠨ᠎ᠡ ᠪᠠᠷ ᠪᠠᠶᠢᠭᠤᠯᠤᠭᠰᠠᠨ ᠲᠤᠰᠬᠠᠶ ᠠᠰᠢᠭ ᠤᠨ ᠣᠷᠣᠯᠠᠬᠤ ᠪᠠᠶᠢᠭᠤᠯᠤᠮᠵᠢ ᠪᠤᠶᠤ ᠰᠠᠯᠪᠤᠷᠢ | ᠪᠠᠶᠢᠭᠤᠯᠤᠮᠵᠢ ᠶᠢᠨ ᠲᠡᠳᠬᠦᠮᠵᠢ | ᠤᠯᠠᠭᠠᠨᠴᠠᠪ ᠬᠤᠲᠠ ᠶᠢᠨ ᠬᠠᠷᠢᠶ᠎ᠠ ᠲᠣᠭᠤᠷᠢᠭ ᠲᠤ ᠲᠤᠰᠬᠠᠶ ᠠᠰᠢᠭ ᠤᠨ ᠣᠷᠣᠯᠠᠨ ᠭᠦᠶᠴᠡᠳᠬᠡᠬᠦ | ᠪᠠᠶᠢᠭᠤᠯᠤᠮᠵᠢ ᠪᠤᠶᠤ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠵᠤ᠂ ᠡᠵᠡᠩᠨᠡᠯᠲᠡ ᠶᠢᠨ | ᠠᠵᠢᠯᠯᠠᠭ᠎ᠠ ᠶᠢ ᠬᠡᠪ ᠤᠨ ᠪᠠᠶᠢᠳᠠᠯ ᠢᠶᠠᠷ ᠥᠷᠨᠢᠭᠦᠯᠬᠦ ᠶᠢᠨ ᠬᠠᠮᠲᠤ ᠰᠠᠶᠢᠨ ᠦᠷ᠎ᠡ ᠪᠦᠲᠦᠮᠵᠢ ᠣᠯᠤᠭᠰᠠᠨ ᠪᠠᠶᠢᠪᠠᠯ᠂ | 10 ᠲᠦᠮᠡᠨ ᠲᠥᠭᠦᠷᠢᠭ ᠵᠣᠭᠤᠰ ᠢᠶᠠᠷ ᠲᠤᠰᠠᠯᠠᠨ᠎ᠠ᠃ | ︵ᠬᠤᠶᠠᠷ︶ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠢ ᠣᠷᠣᠯᠠᠨ ᠡᠷᠬᠡ ᠣᠯᠭᠤᠬᠤ ᠲᠡᠳᠬᠦᠮᠵᠢ | ᠤᠯᠠᠭᠠᠨᠴᠠᠪ ᠬᠤᠲᠠ ᠳᠤ ᠳᠠᠩᠰᠠᠯᠠᠭᠤᠯᠤᠭᠰᠠᠨ ᠲᠤᠰᠬᠠᠶ ᠠᠰᠢᠭ ᠤᠨ ᠣᠷᠣᠯᠠᠨ ᠭᠦᠶᠴᠡᠳᠬᠡᠬᠦ ᠪᠠᠶᠢᠭᠤᠯᠤᠮᠵᠢ | ᠪᠤᠶᠤ ᠰᠠᠯᠪᠤᠷᠢ ᠪᠠᠶᠢᠭᠤᠯᠤᠮᠵᠢ ᠶᠢᠨ ᠣᠷᠣᠯᠠᠨ ᠭᠦᠶᠴᠡᠳᠬᠡᠬᠦ ᠳᠤᠮᠳᠠᠳᠤ ᠤᠯᠤᠰ ᠤᠨ ᠡᠭᠦᠳᠦᠯᠲᠡ ᠶᠢᠨ ᠲᠤᠰᠬᠠᠶ | ᠠᠰᠢᠭ ᠤᠨ ᠭᠤᠶᠤᠴᠢᠯᠠᠯ ᠤᠨ ᠬᠠᠶ᠋ᠢᠭ ᠨᠢ ᠤᠯᠠᠭᠠᠨᠴᠠᠪ ᠬᠤᠲᠠ ᠶᠢᠨ ᠬᠠᠷᠢᠶ᠎ᠠ ᠲᠣᠭᠤᠷᠢᠭ ᠲᠤ ᠪᠠᠶᠢᠪᠠᠯ᠂ | ᠰᠢᠨ᠎ᠡ ᠪᠠᠷ ᠣᠯᠤᠭᠰᠠᠨ ᠡᠷᠬᠡ ᠣᠯᠭᠤᠭᠰᠠᠨ ᠵᠦᠶᠯ ᠪᠦᠷᠢ ᠶᠢᠨ ᠲᠡᠳᠬᠦᠮᠵᠢ ᠶᠢᠨ ᠮᠥᠩᠭᠦ 1000 ᠲᠥᠭᠦᠷᠢᠭ᠂ | ᠲᠤᠰᠬᠠᠶ ᠠᠰᠢᠭ ᠤᠨ ᠣᠷᠣᠯᠠᠨ ᠭᠦᠶᠴᠡᠳᠬᠡᠬᠦ ᠪᠠᠶᠢᠭᠤᠯᠤᠮᠵᠢ ᠪᠤᠶᠤ ᠰᠠᠯᠪᠤᠷᠢ ᠪᠠᠶᠢᠭᠤᠯᠤᠮᠵᠢ ᠨᠢᠭᠡᠪᠦᠷᠢ ᠶᠢᠨ ᠵᠢᠯ | ᠪᠦᠷᠢ ᠶᠢᠨ ᠲᠡᠳᠬᠦᠮᠵᠢ ᠶᠢᠨ ᠮᠥᠩᠭᠦ ᠨᠢ 5 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠥᠬᠡᠶ᠃ | ᠭᠤᠷᠪᠠᠳᠤᠭᠠᠷ ᠪᠦᠯᠦᠭ ᠬᠢᠨᠠᠨ ᠲᠣᠭᠲᠠᠭᠠᠯᠭᠠᠬᠤ ᠪᠠᠷ ᠮᠡᠳᠡᠭᠦᠯᠬᠦ ᠪᠠ ᠬᠢᠨᠠᠯᠲᠠ ᠲᠠᠯᠪᠢᠵᠤ ᠬᠠᠮᠢᠶᠠᠷᠬᠤ | ᠨᠠᠢᠮᠠᠳᠤᠭᠠᠷ ᠵᠦᠶᠯ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ | ᠲᠤᠰᠠᠯᠠᠬᠤ ᠳᠤ ᠣᠨ ᠤ ᠲᠥᠪᠯᠡᠷᠡᠭᠦᠯᠦᠨ ᠮᠡᠳᠡᠭᠦᠯᠬᠦ ᠶᠢ ᠬᠡᠷᠡᠭᠵᠢᠭᠦᠯᠵᠦ᠂ ᠮᠡᠳᠡᠭᠦᠯᠬᠦ ᠱᠠᠭᠠᠷᠳᠠᠯᠭ᠎ᠠ ᠶᠢ ᠲᠣᠰ | ᠣᠨ ᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ᠪᠣᠳᠠᠲᠠᠶ | ᠮᠡᠳᠡᠭᠳᠡᠯ ᠢᠶᠠᠷ ᠪᠠᠷᠢᠮᠵᠢᠶ᠎ᠠ ᠪᠣᠯᠭᠠᠵᠤ᠂ ᠭᠤᠶᠤᠴᠢᠯᠠᠭᠴᠢ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ ᠴᠠᠭ | ᠲᠤᠬᠠᠶ ᠳᠤᠨᠢ ᠮᠡᠳᠡᠭᠦᠯᠬᠦ ᠬᠡᠷᠡᠭᠲᠡᠶ᠃ | ᠶᠢᠰᠦᠳᠦᠭᠡᠷ ᠵᠦᠶᠯ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠨ | ᠲᠡᠳᠬᠦᠬᠦ ᠶᠢ ᠭᠤᠶᠤᠴᠢᠯᠠᠭᠴᠢ ᠰᠠᠶᠢᠨ ᠳᠤᠷ᠎ᠠ ᠠᠴᠠ ᠪᠠᠨ ᠮᠡᠳᠡᠭᠦᠯᠬᠦ ᠪᠠ ᠬᠢᠨᠠᠨ ᠲᠣᠭᠲᠠᠭᠠᠬᠤ ᠶᠠᠪᠤᠴᠠ ᠨᠢ | ᠳᠣᠤᠷᠠᠬᠢ ᠮᠡᠲᠦ᠄ | ︵ᠨᠢᠭᠡ︶ ᠭᠤᠶᠤᠴᠢᠯᠠᠭᠴᠢ ᠨᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠨᠡᠶᠢᠲᠡᠯᠡᠭᠰᠡᠨ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠯ | ᠲᠡᠳᠬᠦᠮᠵᠢ ᠶᠢ ᠭᠤᠶᠤᠴᠢᠯᠠᠬᠤ ᠮᠡᠳᠡᠭᠳᠡᠯ ᠢ ᠦᠨᠳᠦᠰᠦᠯᠡᠵᠦ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠨ᠎ᠠ᠃ | ︵ᠬᠤᠶᠠᠷ︶ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶ᠎ᠠ ᠣᠷᠣᠨ ᠤ ᠳᠣᠲᠣᠷᠠᠬᠢ ᠭᠤᠶᠤᠴᠢᠯᠠᠭᠴᠢ ᠶᠢᠨ ᠲᠤᠰᠢᠶᠠᠭᠰᠠᠨ | ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠪᠠ ᠲᠠᠨᠢᠯᠴᠠᠭᠤᠯᠭ᠎ᠠ ᠬᠢᠬᠦ ᠶᠢ ᠬᠠᠷᠢᠭᠤᠴᠠᠨ᠎ᠠ | ᠃ | ︵ᠭᠤᠷᠪᠠ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠶᠤᠴᠢᠯᠠᠯ ᠤᠨ | ᠮᠠᠲ᠋ᠧᠷᠢᠶᠠᠯ ᠢ ᠳᠠᠬᠢᠨ ᠬᠢᠨᠠᠬᠤ ᠶᠢ ᠬᠠᠷᠢᠭᠤᠴᠠᠨ᠎ᠠ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠪᠣᠯ | ᠭᠤᠶᠤᠴᠢᠯᠠᠭᠴᠢ ᠶᠢ ᠲᠣᠭᠲᠠᠭᠰᠠᠨ ᠴᠠᠭ ᠤᠨ ᠳᠣᠲᠣᠷ᠎ᠠ ᠨᠥᠬᠦᠵᠦ ᠵᠠᠯᠠᠷᠠᠭᠤᠯᠬᠤ ᠪᠠᠷ ᠱᠠᠭᠠᠷᠳᠠᠵᠤ ᠪᠣᠯᠤᠨ᠎ᠠ᠂ | ᠬᠤᠭᠤᠴᠠᠭ᠎ᠠ ᠬᠡᠲᠦᠷᠡᠲᠡᠯ᠎ᠡ ᠨᠥᠬᠦᠵᠦ ᠵᠠᠯᠠᠷᠠᠭᠤᠯᠬᠤ ᠥᠬᠡᠶ ᠪᠤᠶᠤ ᠨᠥᠬᠦᠵᠦ ᠵᠠᠯᠠᠷᠠᠭᠤᠯᠤᠭᠠᠳ ᠮᠥᠨ ᠬᠦ | ᠱᠠᠭᠠᠷᠳᠠᠯᠭ᠎ᠠ ᠳᠤ ᠨᠡᠶᠢᠴᠡᠬᠦ ᠥᠬᠡᠶ ᠪᠣᠯ ᠬᠢᠨᠠᠨ ᠲᠣᠭᠲᠠᠭᠠᠬᠤ ᠥᠬᠡᠶ᠃ | ︵ᠳᠥᠷᠪᠡ︶ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠲᠥᠷᠥᠯ ᠵᠦᠶᠯ ᠢ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠶᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠶᠢᠳᠠᠭᠰᠠᠨ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ᠠᠴᠠ ᠬᠢᠨᠠᠨ | ᠲᠣᠭᠲᠠᠭᠠᠨ᠎ᠠ᠃ | ︵ᠲᠠᠪᠤ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠢᠨᠠᠨ | ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ ᠱᠠᠩᠨᠠᠵᠤ ᠲᠤᠰᠠᠯᠠᠬᠤ ᠪᠠᠷ ᠪᠠᠶᠢᠭ᠎ᠠ ᠡᠲᠡᠭᠡᠳ ᠢ ᠲᠣᠭᠲᠠᠭᠠᠬᠤ ᠶᠢᠨ | ᠬᠠᠮᠲᠤ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠰᠦᠯᠵᠢᠶᠡᠨ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 20 ᠠᠵᠢᠯᠯᠠᠬᠤ ᠡᠳᠦᠷ ᠪᠣᠯᠤᠨ᠎ᠠ᠃ | ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠲᠠᠯ᠎ᠠ ᠣᠨᠳᠣᠤ ᠰᠠᠨᠠᠯ ᠥᠬᠡᠶ ᠪᠤᠶᠤ ᠣᠨᠳᠣᠤ ᠰᠠᠨᠠᠯ ᠨᠢ ᠲᠣᠭᠲᠠᠵᠤ | ᠳᠡᠶᠢᠯᠬᠦ ᠥᠬᠡᠶ ᠪᠠᠶᠢᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠬᠠᠷᠭᠤᠭᠤᠯᠵᠤ | ᠵᠥᠪᠰᠢᠶᠡᠷᠡᠭᠦᠯᠦᠭᠰᠡᠨ ᠤ ᠳᠠᠷᠠᠭ᠎ᠠ᠂ ᠱᠠᠩᠨᠠᠵᠤ ᠲᠤᠰᠠᠯᠠᠬᠤ ᠵᠠᠷᠤᠳᠠᠯ ᠢ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠠᠴᠠ ᠳᠣᠭᠢᠷᠠᠭᠤᠯᠵᠤ ᠲᠠᠷᠬᠠᠨ ᠥᠭᠭᠦᠨ᠎ᠡ᠃ | ᠠᠷᠪᠠᠳᠤᠭᠠᠷ ᠵᠦᠶᠯ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ | ᠲᠤᠰᠠᠯᠠᠬᠤ ᠵᠠᠷᠤᠳᠠᠯ ᠳᠤ ᠲᠤᠰᠬᠠᠶ ᠵᠣᠭᠤᠰ ᠢ ᠲᠤᠰᠬᠠᠶ ᠵᠦᠶᠯ ᠳᠤᠨᠢ ᠬᠡᠷᠡᠭᠯᠡᠬᠦ ᠵᠠᠷᠴᠢᠮ ᠢ ᠪᠠᠷᠢᠮᠲᠠᠯᠠᠨ᠂ ᠰᠠᠬᠢᠯᠭ᠎ᠠ | ᠪᠠᠲᠤ ᠪᠠᠶᠢᠴᠠᠭᠠᠬᠤ᠂ ᠬᠢᠨᠠᠨ ᠪᠤᠳᠤᠬᠤ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠪᠠ | ᠰᠢᠯᠭᠠᠨ ᠬᠢᠨᠠᠬᠤ ᠶᠢ ᠬᠦᠯᠢᠶᠡᠬᠦ ᠬᠡᠷᠡᠭᠲᠡᠶ᠃ | ᠠᠷᠪᠠᠨ ᠨᠢᠭᠡᠳᠦᠭᠡᠷ ᠵᠦᠶᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠣᠳᠠᠲᠠᠶ ᠬᠡᠷᠡᠭᠴᠡᠭᠡ ᠪᠠᠨ ᠦᠨᠳᠦᠰᠦᠯᠡᠨ᠂ ᠱᠠᠩᠨᠠᠨ ᠬᠥᠬᠢᠭᠦᠯᠵᠦ ᠵᠣᠭᠤᠰ ᠮᠥᠩᠭᠦ ᠪᠠᠷ ᠲᠤᠰᠠᠯᠠᠬᠤ ᠪᠠᠷ | ᠭᠤᠶᠤᠴᠢᠯᠠᠭᠰᠠᠨ ᠨᠢᠭᠡᠴᠢ ᠪᠤᠶᠤ ᠬᠤᠪᠢ ᠬᠥᠮᠦᠨ ᠢ ᠬᠢᠨᠠᠨ ᠬᠠᠷᠭᠤᠭᠤᠯᠬᠤ ᠪᠤᠶᠤ ᠲᠤᠬᠠᠶ ᠶᠢᠨ ᠭᠠᠵᠠᠷ ᠲᠤᠨᠢ | ᠬᠠᠷᠭᠤᠭᠤᠯᠤᠨ ᠪᠠᠶᠢᠴᠠᠭᠠᠬᠤ ᠳᠤ᠂ ᠬᠠᠮᠢᠶ᠎ᠠ ᠪᠥᠬᠦᠶ ᠨᠢᠭᠡᠴᠢ ᠪᠠ ᠬᠤᠪᠢ ᠬᠥᠮᠦᠨ ᠢᠳᠡᠪᠬᠢᠲᠡᠶ ᠳᠡᠮᠵᠢᠨ | ᠬᠠᠮᠵᠢᠯᠴᠠᠬᠤ ᠬᠡᠷᠡᠭᠲᠡᠶ᠂ ᠡᠰᠡ ᠲᠡᠭᠡᠪᠡᠯ ᠬᠢᠨᠠᠨ ᠲᠣᠭᠲᠠᠭᠠᠬᠤ ᠬᠢᠷᠢ ᠬᠡᠮ ᠢ ᠬᠦᠴᠦᠨ ᠥᠬᠡᠶ ᠪᠣᠯᠭᠠᠨ᠎ᠠ᠃ | ᠠᠷᠪᠠᠨ ᠬᠤᠶᠠᠳᠤᠭᠠᠷ ᠵᠦᠢᠯ ᠭᠤᠶᠤᠴᠢᠯᠠᠭᠴᠢ ᠬᠤᠳᠠᠯ ᠬᠠᠭᠤᠷᠮᠠᠭ ᠮᠠᠲ᠋ᠧᠷᠢᠶᠠᠯ ᠪᠤᠶᠤ ᠪᠤᠰᠤᠳ ᠵᠦᠢ ᠪᠤᠰᠤ | ᠠᠷᠭ᠎ᠠ ᠪᠠᠷᠢᠯ ᠢᠶᠠᠷ ᠱᠠᠩᠨᠠᠯ ᠲᠤᠰᠠᠯᠠᠮᠵᠢ ᠶᠢᠨ ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠱᠠᠩᠨᠠᠯ | ᠲᠤᠰᠠᠯᠠᠮᠵᠢ ᠶᠢ ᠨᠢ ᠬᠦᠴᠦᠨ ᠥᠭᠡᠢ ᠪᠣᠯᠭᠠᠵᠤ᠂ ᠨᠢᠭᠡᠨᠲᠡ ᠲᠠᠷᠬᠠᠨ ᠥᠭᠭᠦᠭᠰᠡᠨ ᠱᠠᠩᠨᠠᠯ ᠲᠤᠰᠠᠯᠠᠮᠵᠢ ᠶᠢᠨ ᠪᠡᠯᠡ | ᠮᠥᠩᠭᠦ ᠶᠢ ᠨᠡᠬᠡᠮᠵᠢᠯᠡᠨ ᠠᠪᠴᠢᠷᠠᠨ᠎ᠠ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ | ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃ | ᠠᠷᠪᠠᠨ ᠭᠤᠷᠪᠠᠳᠤᠭᠠᠷ ᠵᠦᠢᠯ ᠳᠤᠤᠷᠠᠬᠢ ᠪᠠᠶᠢᠳᠠᠯ ᠤᠨ ᠨᠢᠭᠡ ᠶᠢ ᠪᠦᠷᠢᠯᠳᠦᠭᠦᠯᠦᠭᠰᠡᠨ ᠪᠠᠶᠢᠪᠠᠯ᠂ ᠱᠠᠩᠨᠠᠨ | ᠬᠥᠬᠢᠭᠦᠯᠵᠦ ᠵᠣᠭᠤᠰ ᠮᠥᠩᠭᠦ ᠪᠠᠷ ᠲᠤᠰᠠᠯᠠᠬᠤ ᠦᠭᠡᠢ᠄ | 1. ᠬᠦᠴᠦᠨ ᠦᠭᠡᠢ ᠪᠣᠯᠤᠭᠰᠠᠨ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ᠂ ᠲᠤᠰᠬᠠᠶ ᠠᠰᠢᠭ︔ | 2. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ | ᠣᠷᠣᠰᠢᠵᠤ ᠪᠠᠶᠢᠬᠤ︔ | 3. ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠨᠡᠷᠡᠰ ᠲᠤ ᠵᠢᠭᠰᠠᠭᠠᠭᠳᠠᠭᠰᠠᠨ ᠪᠤᠶᠤ | ᠭᠤᠶᠤᠴᠢᠯᠠᠬᠤ ᠬᠢᠷᠢ ᠬᠡᠮ ᠢᠶᠠᠨ ᠬᠠᠰᠤᠭᠤᠯᠤᠭᠰᠠᠨ ᠨᠢᠭᠡᠴᠢ ᠪᠠ ᠬᠤᠪᠢ ᠬᠥᠮᠦᠨ︔ | 4. ᠲᠣᠰ ᠠᠷᠭ᠎ᠠ ᠶᠢᠨ ᠱᠠᠩᠨᠠᠯ ᠲᠤᠰᠠᠯᠠᠮᠵᠢ ᠶᠢ ᠨᠢᠭᠡᠨᠲᠡ ᠣᠯᠤᠭᠰᠠᠨ ︵ᠱᠠᠩᠨᠠᠯ ᠲᠤᠰᠠᠯᠠᠮᠵᠢ ᠶᠢᠨ ᠤᠳᠠᠭ᠎ᠠ | ᠳᠠᠷᠠᠭᠠᠯᠠᠬᠤ ᠶᠢ ᠪᠠᠭᠲᠠᠭᠠᠬᠤ ᠦᠭᠡᠢ︶︔ | 5. ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠱᠠᠩᠨᠠᠨ ᠬᠥᠬᠢᠭᠦᠯᠵᠦ ᠵᠣᠭᠤᠰ | ᠮᠥᠩᠭᠦ ᠪᠠᠷ ᠲᠤᠰᠠᠯᠠᠵᠤ ᠳᠡᠶᠢᠯᠬᠦ ᠦᠭᠡᠢ ᠪᠤᠰᠤᠳ ᠪᠠᠶᠢᠳᠠᠯ᠃ | ᠠᠷᠪᠠᠨ ᠳᠥᠷᠪᠡᠳᠦᠭᠡᠷ ᠵᠦᠶᠯ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠨ ᠲᠤᠰᠠᠯᠠᠵᠤ | ᠬᠢᠨᠠᠨ ᠲᠣᠭᠲᠠᠭᠠᠬᠤ ᠠᠵᠢᠯᠲᠠᠨ ᠨᠢ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠨ᠂ | ᠬᠤᠯᠪᠣᠭᠳᠠᠯ ᠪᠥᠬᠦᠶ ᠲᠣᠭᠲᠠᠭᠠᠯ᠂ ᠪᠠᠷᠢᠮᠵᠢᠶ᠎ᠠ᠂ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠬᠢᠨᠠᠨ ᠪᠠᠶᠢᠴᠠᠭᠠᠵᠤ᠂ | ᠭᠤᠶᠤᠴᠢᠯᠠᠭᠴᠢ ᠶᠢᠨ ᠬᠤᠳᠠᠯᠳᠤᠭᠠᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ ᠬᠢᠨᠠᠨ | ᠲᠣᠭᠲᠠᠭᠠᠬᠤ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ | ᠬᠠᠤᠯᠢ ᠶᠣᠰᠣ ᠪᠠᠷ ᠶᠠᠪᠤᠬᠤ ᠦᠭᠡᠢ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠪᠠᠯ᠂ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠶᠳᠪᠦᠷᠢᠯᠡᠨ᠎ᠡ᠃ | ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠠᠷᠪᠠᠨ ᠲᠠᠪᠤᠳᠤᠭᠠᠷ ᠵᠦᠢᠯ ᠲᠤᠰ ︽ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 30 | ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃ | ᠠᠷᠪᠠᠨ ᠵᠢᠷᠭᠤᠳᠤᠭᠠᠷ ᠵᠦᠶᠯ ᠲᠣᠰ ︽ᠠᠷᠭ᠎ᠠ︾ ᠶᠢ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠠᠴᠠ | ᠬᠠᠷᠢᠭᠤᠴᠠᠨ ᠲᠠᠶᠢᠯᠪᠤᠷᠢᠯᠠᠨ᠎ᠠ᠃ | | | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 4 ᠰᠠᠷ᠎ᠠ ᠶᠢᠨ 8 ᠤ ᠡᠳᠦᠷ | | | | | | | | |