ᠱᠠᠩᠳᠤ ᠰᠢᠶᠠᠨ ᠤ ᠴᠠᠭᠠᠨᠨᠠᠭᠤᠷ ᠤᠨ ᠵᠠᠰᠠᠯᠲᠠ ᠶᠢᠨ ᠦᠷ᠎ᠡ ᠪᠦᠲᠦᠮᠵᠢ ᠤᠯᠠᠮ ᠢᠶᠠᠷ ᠲᠣᠳᠣᠷᠠᠪᠠ
ᠨᠡᠶᠢᠲᠡᠯᠡᠭᠰᠡᠨ ᠴᠠᠭ᠄
2022/7/27
     ᠨᠢᠭᠡ ᠳᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠲᠠᠯ᠎ᠠ ᠪᠠᠷ᠂ ᠴᠠᠭᠠᠨᠨᠠᠭᠤᠷ ᠤᠨ ᠰᠠᠪᠠ ᠭᠠᠵᠠᠷ ᠤᠨ ᠬᠡᠪᠴᠢᠶᠡᠨ ᠳᠠᠬᠢ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠳᠤ ᠬᠢᠭᠰᠡᠨ ᠠᠯᠤᠰ ᠰᠡᠷᠡᠯ ᠤᠨ ᠬᠢᠨᠠᠨ ᠬᠡᠮᠵᠢᠯᠲᠡ ᠠᠴᠠ ᠦᠵᠡᠪᠡᠯ᠂ 2021 ᠣᠨ ᠳᠤ ᠴᠠᠭᠠᠨᠨᠠᠭᠤᠷ ᠤᠨ ᠰᠠᠪᠠ ᠭᠠᠵᠠᠷ ᠤᠨ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 1.08 ᠵᠠᠭᠤᠨ ᠤ ᠨᠢᠭᠡᠴᠢ ᠨᠡᠮᠡᠭᠳᠡᠵᠦ᠂ 49.57% ᠬᠦᠷᠴᠡᠶ᠃      ᠬᠤᠶᠠᠷ ᠲᠤ᠂ ᠪᠡᠯᠴᠢᠭᠡᠷ ᠤᠨ ᠭᠠᠵᠠᠷ ᠳᠡᠭᠡᠷᠡᠬᠢ ᠦᠶᠯᠡᠳᠪᠦᠷᠢᠯᠡᠯ ᠤᠨ ᠬᠦᠴᠦᠨ ᠤ ᠲᠠᠯ᠎ᠠ ᠪᠠᠷ᠂ 2021 ᠣᠨ ᠳᠤ ᠴᠠᠭᠠᠨᠨᠠᠭᠤᠷ ᠤᠨ ᠰᠠᠪᠠ ᠭᠠᠵᠠᠷ ᠤᠨ ᠪᠡᠯᠴᠢᠭᠡᠷ ᠤᠨ ᠭᠠᠵᠠᠷ ᠳᠡᠭᠡᠷᠡᠬᠢ ᠦᠶᠯᠡᠳᠪᠦᠷᠢᠯᠡᠯ ᠤᠨ ᠬᠦᠴᠦᠨ ᠠᠳᠠᠯᠢ ᠬᠤᠭᠤᠴᠠᠭᠠᠨ ᠤ ᠬᠢ ᠠᠴᠠ 0.93% ᠪᠠᠷ ᠳᠡᠭᠡᠭᠰᠢᠯᠡᠵᠦ᠂ 44.78 ᠺᠢᠯᠣᠭ᠍ᠷᠠᠮ / ᠮᠥ ᠳᠤ ᠬᠥᠷᠪᠡ᠃      ᠭᠤᠷᠪᠠ ᠳᠤ᠂ ᠲᠣᠭᠤᠰᠣ ᠳᠡᠭᠳᠡᠬᠦ ᠡᠳᠦᠷ ᠤᠨ ᠲᠤᠭ᠎ᠠ ᠶᠢᠨ ᠲᠠᠯ᠎ᠠ ᠪᠠᠷ᠂ 2017 ᠣᠨ ᠠᠴᠠ ᠨᠠᠰᠢ᠂ ᠴᠠᠭᠠᠨᠨᠠᠭᠤᠷ ᠤᠨ ᠰᠠᠪᠠ ᠭᠠᠵᠠᠷ ᠤᠨ ᠲᠣᠭᠤᠰᠣ ᠳᠡᠭᠳᠡᠬᠦ ᠡᠳᠦᠷ ᠨᠢ ᠵᠢᠯ ᠪᠦᠷᠢ ᠳᠤᠮᠳᠠᠴᠢ ᠪᠠᠷ 6 ᠡᠳᠦᠷ ᠪᠠᠶᠢᠵᠤ᠂ 2021 ᠣᠨ ᠤ ᠲᠣᠭᠤᠰᠣ ᠳᠡᠭᠳᠡᠬᠦ ᠡᠳᠦᠷ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 0.37% ᠪᠠᠭᠤᠷᠠᠵᠤ᠂ ᠡᠯᠡᠰᠦ ᠰᠢᠭᠤᠷᠬᠤ ᠡᠳᠦᠷ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 0.95% ᠪᠠᠭᠤᠷᠠᠵᠠᠢ      ᠳᠥᠷᠪᠡ ᠳᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠲᠠᠯ᠎ᠠ ᠪᠠᠷ᠂ ᠴᠢᠭᠢᠭᠯᠢᠭ ᠭᠠᠵᠠᠷ ᠲᠤ ᠬᠢᠯᠭᠠᠨ᠎ᠠ᠂ ᠬᠤᠵᠢᠷᠯᠢᠬ ᠡᠪᠡᠰᠦ ᠵᠡᠷᠭᠡ 99 ᠵᠦᠶᠯ ᠤᠨ ᠲᠠᠷᠢᠮᠠᠯ ᠤᠨ ᠤᠷᠭᠤᠴᠠ ᠨᠢ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠨ᠎ᠠ᠃ ᠴᠠᠬᠤᠯᠠᠶ᠂ ᠲᠠᠯ᠎ᠠ ᠨᠤᠲᠤᠭ ᠤᠨ ᠪᠦᠷᠭᠦᠳ ᠵᠡᠷᠭᠡ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠬᠤᠪᠣᠷ ᠴᠤᠬᠠᠭ ᠠᠮᠢᠲᠠᠨ ᠠᠩᠬ᠎ᠠ ᠭᠠᠷᠴᠤ᠂ ᠤᠯᠠᠭᠠᠨ ᠴᠣᠬᠤᠷ ᠨᠤᠭᠤᠰᠤ᠂ ᠬᠤᠨ ᠭᠠᠯᠠᠭᠤ ᠵᠡᠷᠭᠡ ᠰᠢᠪᠠᠭᠤᠨ ᠤ ᠲᠥᠷᠥᠯ ᠤᠨ ᠲᠤᠭ᠎ᠠ ᠲᠠᠰᠤᠷᠠᠯᠲᠠ ᠦᠭᠡᠶ ᠨᠡᠮᠡᠭᠳᠡᠵᠦ ᠪᠠᠶᠢᠨ᠎ᠠ᠃      ᠲᠠᠪᠤ ᠳᠤ᠂ ᠭᠠᠵᠠᠷ ᠳᠣᠣᠷᠠᠬᠢ ᠤᠰᠤᠨ ᠲᠦᠪᠰᠢᠨ ᠠᠭᠠᠵᠢᠮ ᠢᠶᠠᠷ ᠳᠡᠭᠡᠭᠰᠢᠯᠡᠬᠦ ᠲᠠᠯ᠎ᠠ ᠪᠠᠷ᠂ 2021 ᠣᠨ ᠳᠤ 2020 ᠣᠨ ᠤ ᠬᠢ ᠠᠴᠠ ᠳᠤᠮᠳᠠᠴᠢ ᠪᠠᠷ 73 ᠰᠠᠨᠲ᠋ᠢᠮᠧᠲᠷ ᠳᠡᠭᠡᠭᠰᠢᠯᠡᠵᠦ᠂ 2022 ᠣᠨ ᠤ ᠨᠢᠭᠡᠳᠦᠭᠡᠷ ᠤᠯᠠᠷᠢᠯ ᠳᠤ 89 ᠰᠠᠨᠲ᠋ᠢᠮᠧᠲᠷ ᠳᠡᠭᠡᠭᠰᠢᠯᠡᠵᠡᠢ᠃                                        ᠣᠷᠴᠢᠭᠤᠯᠤᠭᠴᠢ᠄ ᠤᠳᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2