ᠹᠧᠩᠵᠧᠨ ᠬᠤᠲᠠ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2022/7/28
     ᠨᠢᠭᠡ ᠳᠤ ᠠᠭᠤᠯᠵᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠡ᠃ ᠠᠷᠠᠯᠵᠢᠶᠠᠨ ᠤ ᠲᠥᠪ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠶᠯᠡᠴᠢᠯᠡᠭᠡᠨ ᠤ ᠨᠠᠷᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠤᠯᠠᠮᠵᠢᠯᠠᠯᠲᠤ ᠳᠠᠭᠠᠭᠠᠴᠢᠯᠠᠯᠲᠠ ᠨᠡᠶᠢᠲᠡᠯᠡᠬᠦ ᠵᠠᠭᠪᠤᠷ ᠲᠤ ᠣᠷᠣᠰᠢᠵᠤ ᠪᠠᠶᠢᠭ᠎ᠠ ᠡᠪᠡᠷᠰᠢᠶᠡᠯ ᠢᠶᠠᠷ ᠭᠠᠷᠳᠠᠴᠠ ᠪᠣᠯᠭᠠᠵᠤ᠂ ᠳᠠᠭᠠᠭᠠᠴᠢᠯᠠᠯᠲᠠ ᠨᠡᠶᠢᠲᠡᠯᠡᠬᠦ ᠵᠠᠩᠭᠢᠯᠠᠭ᠎ᠠ ᠶᠢᠨ ᠭᠤᠭᠴᠤᠭ᠎ᠠ ᠪᠠᠷ ᠭᠤᠤᠯᠳᠠᠯᠭ᠎ᠠ ᠪᠣᠯᠭᠠᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠲᠤᠯᠭᠠᠭᠤᠷᠢᠯᠠᠯ ᠪᠣᠯᠭᠠᠵᠤ᠂ ᠳᠠᠭᠠᠭᠠᠴᠢᠯᠠᠯᠲᠠ ᠨᠡᠶᠢᠲᠡᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠳᠠᠭᠠᠭᠠᠴᠢᠯᠠᠯᠲᠠ ᠨᠡᠶᠢᠲᠡᠯᠡᠬᠦ ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠪᠡ᠃ ᠤᠯᠠᠭᠠᠨᠴᠠᠪ ᠬᠤᠲᠠ ᠶᠢᠨ ᠠᠷᠠᠯᠵᠢᠶᠠᠨ ᠤ ᠲᠥᠪ ᠯᠦᠭᠡ ᠵᠣᠯᠭᠠᠭᠤᠯᠬᠤ ᠥᠬᠡᠶ ᠪᠠᠷ ᠳᠠᠭᠠᠭᠠᠴᠢᠯᠠᠯᠲᠠ ᠨᠡᠶᠢᠲᠡᠯᠡᠬᠦ ᠰᠢᠰᠲ᠋ᠧᠮ ᠢ ᠢᠳᠡᠪᠬᠢᠲᠡᠶ ᠪᠠᠷ ᠵᠠᠯᠭᠠᠨ ᠬᠡᠷᠡᠭᠯᠡᠵᠦ᠂ ᠢᠨᠲ᠋ᠧᠷ ᠰᠦᠯᠵᠢᠶᠡᠨ ᠤ ᠮᠡᠷᠭᠡᠵᠢᠯ ᠢ ᠭᠦᠶᠴᠡᠳ ᠬᠡᠷᠡᠭᠯᠡᠨ ︽ᠠᠭᠤᠯᠵᠠᠬᠤ ᠥᠬᠡᠶ︾ ᠠᠷᠠᠯᠵᠢᠶᠠᠨ ᠤ ᠪᠥᠬᠦ ᠴᠤᠪᠤᠷᠠᠯ ᠢ ᠪᠣᠶ ᠪᠣᠯᠭᠠᠵᠤ᠂ ᠳᠠᠭᠠᠭᠠᠴᠢᠯᠠᠯᠲᠠ ᠨᠡᠶᠢᠲᠡᠯᠡᠬᠦ ᠳᠤ ᠠᠭᠤᠯᠵᠠᠬᠤ ᠥᠬᠡᠶ᠂ ᠠᠷᠠᠯᠵᠢᠶ᠎ᠠ ᠶᠢ ᠣᠯᠵᠤ ᠦᠵᠡᠬᠦ ᠶᠢ ᠪᠡᠶᠡᠯᠡᠭᠦᠯᠪᠡ᠃ ᠬᠤᠶᠠᠷ ᠲᠤ ᠰᠢᠨ᠎ᠡ ᠪᠠᠷ ᠲᠠᠯᠠᠪᠠᠶ ᠳᠤ ᠣᠷᠣᠵᠤ ᠠᠷᠠᠯᠵᠢᠶᠠᠯᠠᠬᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠦᠶᠯᠡᠰ ᠤᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠰᠦᠶᠳᠬᠡᠯ ᠬᠤᠷᠢᠶᠠᠬᠤ ᠶᠢ ᠬᠦᠴᠦᠨ ᠥᠬᠡᠶ ᠪᠣᠯᠭᠠᠵᠤ᠂ ᠳᠠᠭᠠᠭᠠᠴᠢᠯᠠᠯᠲᠠ ᠬᠦᠯᠢᠶᠡᠭᠴᠢ ᠶᠢᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢᠨ ᠠᠳᠠᠯᠢ ᠬᠤᠭᠤᠴᠠᠭᠠᠨ ᠤ ᠪᠠᠩᠬᠢ ᠶᠢᠨ ᠬᠦᠤ ᠮᠥᠩᠭᠦ ᠶᠢ ᠪᠤᠴᠠᠭᠠᠨ ᠥᠭᠴᠦ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃ ᠭᠤᠷᠪᠠ ᠳᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠡᠮᠵᠢᠨ ᠬᠡᠷᠡᠭᠵᠢᠭᠦᠯᠦᠭᠰᠡᠨ ᠭᠠᠵᠠᠷ ᠰᠢᠷᠣᠶ ᠶᠢᠨ ᠠᠷᠠᠯᠵᠢᠶᠠᠨ ᠤ ᠲᠥᠷᠥᠯ ᠵᠦᠢᠯ ᠢ ᠤᠷᠤᠭᠰᠢᠲᠠᠶ ᠪᠡᠶᠡᠯᠡᠭᠦᠯᠵᠦ᠂ ᠣᠳᠣᠬᠠᠨ ᠳᠤ ᠠᠵᠤ ᠠᠬᠤᠶᠢᠯᠠᠯ ᠤᠨ ᠠᠷᠠᠯᠵᠢᠶᠠᠨ ᠤ ᠦᠶᠯᠡᠴᠢᠯᠡᠭᠡᠨ ᠤ ᠵᠠᠷᠤᠳᠠᠯ ᠢ ᠨᠡᠶᠢᠲᠡ 80 ᠭᠠᠷᠤᠶ ᠲᠦᠮᠡᠨ ᠲᠥᠭᠦᠷᠢᠭ ᠠᠷᠪᠢᠯᠠᠵᠤ᠂ ᠠᠵᠤ ᠠᠬᠤᠶᠢᠯᠠᠯ ᠤᠨ ᠠᠷᠠᠯᠵᠢᠶᠠᠨ ᠤ ᠥᠪᠡᠷ ᠤᠨ ᠥᠷᠲᠡᠭ ᠢ ᠶᠡᠭᠡ ᠪᠠᠷ ᠠᠷᠪᠢᠯᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠨ᠂ ᠳᠠᠭᠠᠭᠠᠴᠢᠯᠠᠯᠲᠠ ᠨᠡᠶᠢᠲᠡᠯᠡᠬᠦ ᠶᠢ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠬᠤ ᠶᠢ ᠪᠠᠲᠤᠯᠠᠵᠤ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠳᠥᠯᠭᠢᠨ ᠠᠬᠢᠭᠤᠯᠪᠠ᠃                                               ᠣᠷᠴᠢᠭᠤᠯᠤᠭᠴᠢ᠄ ᠤᠳᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2