ᠵᠦᠸᠧᠽᠢ ᠰᠢᠶᠠᠨ ᠤ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠳᠡᠭᠡᠷ᠎ᠡ ᠬᠠᠭᠠᠰ ᠵᠢᠯ ᠳᠤ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2022/7/29
     2022 ᠣᠨ ᠳᠤ᠂ ᠵᠦᠸᠧᠽᠢ ᠰᠢᠶᠠᠨ 20 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠡᠭᠦᠨ ᠳᠤ 6 ᠲᠦᠷᠦᠯ ᠵᠦᠢᠯ ᠢ ᠦᠷᠭᠦᠯᠵᠢᠯᠡᠨ ᠪᠠᠶᠢᠭᠤᠯᠬᠤ  ᠂ 14 ᠲᠦᠷᠦᠯ ᠵᠦᠢᠯ ᠢ ᠰᠢᠨ᠎ᠡ ᠪᠠᠷ ᠪᠠᠶᠢᠭᠤᠯᠤᠨ᠎ᠡ ᠃ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ 71.95 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ 13.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠦᠷᠦᠭᠦᠤ ᠬᠠᠭᠠᠰ ᠵᠢᠯ ᠳᠤ ᠨᠢᠭᠡᠨᠲᠡ 7.585 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠢᠯ ᠤᠨ ᠬᠠᠷᠠᠯᠲᠠ ᠡᠭᠦᠷᠭᠡ ᠶᠢᠨ ᠢᠶᠠᠨ 58% ᠶᠢ ᠪᠡᠶᠡᠯᠡᠭᠦᠯᠵᠦ᠂ ︽ᠴᠠᠭ ᠬᠠᠭᠠᠰ ᠢᠶᠠᠷ ᠥᠩᠭᠡᠷᠡᠬᠦ ᠳᠤ᠂ ᠡᠭᠦᠷᠭᠡ ᠬᠠᠭᠠᠰ ᠠᠴᠠ ᠬᠡᠲᠦᠷᠡᠬᠦ︾ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠳᠡᠭᠡᠷ᠎ᠡ ᠬᠠᠭᠠᠰ ᠵᠢᠯ ᠳᠤ 20 ᠵᠦᠶᠯ ᠤᠨ ᠴᠢᠬᠤᠯᠠ ᠶᠡᠭᠡ ᠲᠥᠷᠥᠯ ᠵᠦᠢᠯ ᠢ ᠪᠦᠬᠦᠨ ᠢᠶᠠᠷ ᠨᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 100% ᠳᠤ ᠬᠥᠷᠪᠡ︔ 19 ᠲᠥᠷᠥᠯ ᠵᠦᠶᠯ ᠨᠢ ᠡᠮᠦᠨᠡᠬᠢ ᠬᠤᠭᠤᠴᠠᠭᠠᠨ ᠤ 7 ᠵᠦᠶᠯ ᠤᠨ ᠭᠠᠷᠳᠠᠮ ᠢ ᠪᠦᠬᠦᠨ ᠢ ᠭᠦᠶᠴᠡᠳᠬᠡᠵᠦ᠂ ᠭᠦᠶᠴᠡᠳᠬᠡᠵᠦ ᠳᠠᠭᠤᠰᠬᠠᠭᠰᠠᠨ ᠨᠣᠷᠮ᠎ᠠ ᠨᠢ 95% ᠳᠤ ᠬᠦᠷᠴᠦ᠂ ᠦᠯᠡᠳᠡᠭᠰᠡᠨ 1 ᠲᠥᠷᠥᠯ ᠵᠦᠶᠯ ᠨᠢ ᠡᠮᠦᠨᠡᠬᠢ ᠬᠤᠭᠤᠴᠠᠭᠠᠨ ᠤ 6 ᠵᠦᠶᠯ ᠤᠨ ᠬᠢᠨᠠᠨ ᠵᠥᠪᠰᠢᠶᠡᠷᠡᠭᠦᠯᠬᠦ ᠭᠠᠷᠳᠠᠮ ᠢ ᠨᠢᠭᠡᠨᠲᠡ ᠭᠦᠶᠴᠡᠳᠬᠡᠵᠦ ᠳᠠᠭᠤᠰᠬᠠᠭᠰᠠᠨ ᠪᠠᠶᠢᠨ᠎ᠠ᠃      ᠶᠡᠷᠦᠩᠬᠡᠶ ᠳᠤᠨᠢ ᠠᠪᠴᠤ ᠦᠵᠡᠪᠡᠯ᠂ ᠲᠦᠷᠦᠭᠦᠤ ᠬᠠᠭᠠᠰ ᠵᠢᠯ ᠳᠤ ᠵᠦᠸᠧᠽᠢ ᠰᠢᠶᠠᠨ ᠤ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ᠂ ᠶᠠᠰᠤ ᠴᠢᠨᠠᠷ᠂ ᠦᠷ᠎ᠡ ᠪᠦᠲᠦᠮᠵᠢ ᠪᠥᠬᠦ ᠲᠠᠯ᠎ᠠ ᠪᠠᠷ ᠳᠡᠭᠡᠭᠰᠢᠯᠡᠵᠦ᠂ ᠰᠠᠶᠢᠨ  ᠡᠬᠢᠯᠡᠯᠲᠡ ᠶᠢᠨ ᠪᠠᠶᠢᠳᠠᠯ ᠢ ᠪᠠᠲᠤᠯᠠᠪᠠ᠃                                           ᠣᠷᠴᠢᠭᠤᠯᠤᠭᠴᠢ᠄ ᠤᠳᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2