ᠬᠠᠷᠠᠭᠠᠯᠵᠠᠯ ᠭᠥᠷᠳᠡᠬᠦ ᠦᠨᠡᠮᠯᠡᠯ ᠪᠣᠯ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠬᠠᠷᠠᠭᠠᠯᠵᠠᠯ | ᠭᠥᠷᠳᠡᠬᠦ ᠡᠲᠡᠭᠡᠳ ᠤᠨ ᠢᠷᠠᠭᠤ ᠠᠯᠳᠠᠷ ᠢᠶᠠᠨ ᠢᠯᠡᠷᠡᠭᠦᠯᠬᠦ ᠠᠴᠢᠶᠠᠯᠠᠭᠴᠢ ᠮᠥᠨ᠃ ᠵᠢᠨᠢᠩ ᠲᠣᠭᠤᠷᠢᠭ ᠤᠨ ᠬᠢᠨ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠲᠤᠰᠬᠠᠶ ᠠᠩᠭᠢ ᠪᠠᠶᠢᠭᠤᠯᠬᠤ᠂ ᠴᠤᠪᠤᠷᠠᠯ ᠢ | ᠵᠢᠷᠤᠮᠵᠢᠭᠤᠯᠬᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ᠂ ᠰᠢᠨᠵᠢᠯᠡᠬᠦ ᠤᠬᠠᠭᠠᠨᠴᠢ ᠪᠠᠷ ᠠᠬᠢᠭᠤᠯᠬᠤ︾ | ᠠᠵᠢᠯ ᠤᠨ ᠠᠷᠭ᠎ᠠ ᠬᠡᠮᠵᠢᠶ᠎ᠡ ᠳᠤ ᠲᠦᠰᠢᠭᠯᠡᠨ᠂ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠪᠠ ᠣᠯᠭᠤᠬᠤ | ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠪᠠ᠃ ᠲᠣᠰ ᠤᠳᠠᠭᠠᠨ ᠤ ᠬᠠᠷᠠᠭᠠᠯᠵᠠᠯ ᠤᠨ | ᠦᠨᠡᠮᠯᠡᠯ ᠢ ᠭᠤᠶᠤᠴᠢᠯᠠᠨ ᠣᠯᠭᠤᠬᠤ ᠡᠲᠡᠭᠡᠳ ᠪᠣᠯ ᠴᠡᠷᠢᠭ ᠤᠨ ᠠᠯᠪᠠᠨ ᠠᠴᠠ ᠪᠠᠭᠤᠭᠰᠠᠳ ᠪᠤᠶᠤ ᠦᠷᠡᠭᠳᠡᠭᠰᠡᠨ | ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ | ᠬᠡᠷ ᠪᠦᠯᠢ ᠶᠢᠨ ᠬᠢᠨ ᠪᠣᠯᠤᠨ᠎ᠠ᠃ ᠨᠥᠬᠦᠴᠡᠯ ᠳᠤ ᠨᠡᠶᠢᠴᠡᠬᠦ ᠡᠲᠡᠭᠡᠳ ᠨᠢ ᠡᠷᠦᠬᠡ ᠠᠮᠠ ᠶᠢᠨ ᠲᠠᠩᠰᠠ ᠪᠠᠶᠢᠭ᠎ᠠ | ᠭᠠᠵᠠᠷ ᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ | ᠦᠶᠯᠡᠴᠢᠯᠡᠭᠡᠨ ᠤ ᠥᠷᠲᠡᠭᠡ ᠠᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠭᠦᠶᠴᠡᠳᠬᠡᠨ᠎ᠡ︔ ᠡᠷᠦᠬᠡ ᠠᠮᠠ ᠶᠢᠨ | ᠲᠠᠩᠰᠠ ᠪᠠᠶᠢᠭ᠎ᠠ ᠭᠠᠵᠠᠷ ᠲᠠᠭᠠᠨ ᠪᠠᠶᠢᠬᠤ ᠥᠬᠡᠶ ᠬᠥᠮᠦᠰ᠂ ᠪᠠᠶᠢᠩᠭᠤ ᠰᠠᠭᠤᠭ᠎ᠠ ᠭᠠᠵᠠᠷ ᠤᠨ ᠰᠢᠶᠠᠩ ᠪᠠᠯᠭᠠᠰᠤ᠂ | ᠵᠡᠭᠡᠯᠢ ᠭᠤᠳᠤᠮᠵᠢ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠶᠯᠡᠴᠢᠯᠡᠭᠡᠨ ᠤ ᠥᠷᠲᠡᠭᠡ ᠠᠴᠠ | ᠬᠠᠷᠠᠭᠠᠯᠵᠠᠯ ᠤᠨ ᠦᠨᠡᠮᠯᠡᠯ ᠭᠤᠶᠤᠴᠢᠯᠠᠵᠤ ᠠᠪᠤᠭᠰᠠᠨ ᠴᠤ ᠪᠣᠯᠤᠨ᠎ᠠ᠃ ᠣᠲᠣ ᠪᠣᠯᠲᠠᠯ᠎ᠠ᠂ ᠬᠠᠷᠠᠭᠠᠯᠵᠠᠯ ᠤᠨ | ᠦᠨᠡᠮᠯᠡᠯ ᠤᠨ ᠭᠤᠶᠤᠴᠢᠯᠠᠯ ᠢ ᠨᠢᠭᠡᠨᠲᠡ 7907 ᠭᠥᠯᠢᠶᠡᠨ ᠠᠪᠴᠤ ᠰᠢᠶᠳᠪᠦᠷᠢᠯᠡᠵᠦ᠂ 6950 ᠬᠥᠮᠦᠨ ᠤ | ᠬᠢ ᠶᠢ ᠬᠢᠨᠠᠨ ᠬᠠᠷᠭᠤᠭᠤᠯᠵᠤ᠂ 3247 ᠬᠥᠮᠦᠨ ᠤ ᠦᠨᠡᠮᠯᠡᠯ ᠢ ᠨᠢ ᠦᠢᠯᠡᠳᠴᠦ᠂ 1583 ᠬᠥᠮᠦᠨ ᠤ ᠬᠢ ᠶᠢ | ᠲᠠᠷᠬᠠᠭᠠᠪᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |