ᠡᠨᠡ ᠵᠢᠯ ᠠᠴᠠ ᠨᠠᠰᠢ᠂ ᠯᠢᠶᠠᠩᠴᠧᠩ ᠰᠢᠶᠠᠨ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯᠲᠡ ᠶᠢᠨ ᠠᠵᠢᠯ ᠢ | ᠥᠷᠨᠢᠭᠦᠯᠪᠡ᠃ ᠨᠢᠭᠡ ᠳᠤ᠂ ᠰᠦᠯᠵᠢᠶᠡᠨ ᠳᠡᠭᠡᠷ᠎ᠡ ᠭᠡᠷᠡᠴᠢᠯᠡᠯᠲᠡ ᠬᠢᠪᠡ᠃ ︽ᠥᠪᠥᠷ ᠮᠣᠩᠭᠤᠯ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢ ᠪᠠᠭᠤᠯᠭᠠᠬᠤ ᠪᠤᠶᠤ ᠭᠠᠷ ᠤᠲᠠᠰᠤ ᠪᠠᠷ ᠢᠶᠠᠨ ᠮᠡᠷᠭᠡᠨ | ᠴᠣᠬᠤᠷ ᠢ ᠰᠢᠷᠪᠢᠬᠦ ᠪᠠᠷ ᠳᠠᠮᠵᠢᠨ᠂ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ︾ ᠶᠢᠨ ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠢ ᠨᠡᠭᠡᠭᠡᠵᠦ᠂ ᠬᠥᠮᠦᠨ ᠤ | ᠵᠢᠰᠦ ᠶᠢᠨ ᠢᠯᠭᠠᠨ ᠲᠠᠨᠢᠯᠲᠠ ᠶᠢ ᠥᠩᠭᠡᠷᠡᠭᠡᠵᠦ᠂ ᠬᠢᠷᠢ ᠬᠡᠮ ᠤᠨ ᠭᠡᠷᠡᠴᠢᠯᠡᠯᠲᠡ ᠶᠢ ᠭᠦᠢᠴᠡᠳᠬᠡᠯᠭᠡᠪᠡ᠃ | ᠰᠦᠯᠵᠢᠶᠡᠨ ᠠᠴᠠ ᠭᠠᠳᠠᠨᠠᠬᠢ ᠦᠢᠯᠡᠴᠢᠯᠡᠭᠡ ᠬᠢᠪᠡ᠃ ᠪᠡᠶ᠎ᠡ ᠮᠠᠭᠤᠲᠠᠶ᠂ ᠡᠪᠡᠳᠴᠢᠨ ᠣᠯᠠᠨᠲᠠᠶ᠂ ᠬᠥᠳᠡᠯᠵᠦ | ᠪᠠᠷᠢᠬᠤ ᠳᠤ ᠳᠥᠭᠦᠮ ᠦᠭᠡᠢ ᠬᠥᠮᠦᠰ ᠲᠤ ᠬᠠᠨᠳᠤᠭᠤᠯᠤᠨ᠂ ᠬᠠᠷᠠᠭᠠᠯᠵᠠᠯ ᠤᠨ ᠣᠯᠭᠤᠯᠲᠠ ᠶᠢ ᠨᠥᠯᠥᠭᠡᠯᠡᠬᠦ ᠠᠴᠠ | ᠵᠠᠶᠢᠯᠠᠰᠬᠢᠵᠦ᠂ ᠯᠢᠶᠠᠩᠴᠧᠩ ᠰᠢᠶᠠᠨ ᠠᠵᠢᠯᠲᠠᠨ ᠲᠣᠮᠢᠯᠠᠨ ᠬᠡᠷ ᠲᠤ ᠨᠢ ᠬᠦᠷᠴᠦ ᠬᠢᠷᠢ ᠬᠡᠮ ᠤᠨ ᠭᠡᠷᠡᠴᠢᠯᠡᠯᠲᠡ | ᠬᠢᠯᠭᠡᠵᠦ᠂ ᠬᠢᠷᠢ ᠬᠡᠮ ᠤᠨ ᠭᠡᠷᠡᠴᠢᠯᠡᠯᠲᠡ ᠶᠢ ᠨᠠᠩ ᠬᠠᠯᠠᠭᠤᠨ ᠳᠣᠲᠣᠨᠣ ᠪᠣᠯᠭᠠᠪᠡ᠃ | ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ | ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯᠲᠡ ᠢ ᠨᠢᠭᠡᠨᠲᠡ 12539 ᠬᠥᠮᠦᠨ ᠳᠤ ᠥᠷᠨᠢᠭᠦᠯᠵᠦ᠂ | ᠪᠡᠶᠡᠯᠡᠭᠦᠯᠦᠭᠰᠡᠨ ᠨᠣᠷᠮ᠎ᠠ ᠨᠢ 89.2% ᠲᠤ ᠬᠦᠷᠴᠦ᠂ ᠪᠠᠶᠢᠭᠤᠯᠤᠯᠭ᠎ᠠ ᠶᠢᠨ ᠠᠵᠢᠯ ᠦᠶᠯᠡᠰ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠢᠷᠢ ᠬᠡᠮ ᠤᠨ ᠭᠡᠷᠡᠴᠢᠯᠡᠯᠲᠡ ᠶᠢ 2675 ᠬᠥᠮᠦᠨ ᠪᠡᠶᠡᠯᠡᠭᠦᠯᠵᠦ᠂ | ᠪᠡᠶᠡᠯᠡᠭᠦᠯᠦᠭᠰᠡᠨ ᠨᠣᠷᠮ᠎ᠠ ᠨᠢ 82% ᠲᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠢᠷᠢ ᠬᠡᠮ ᠤᠨ ᠭᠡᠷᠡᠴᠢᠯᠡᠯᠲᠡ ᠶᠢ 21000 ᠭᠠᠷᠤᠶ ᠬᠥᠮᠦᠨ ᠤᠳᠠᠭ᠎ᠠ | ᠪᠡᠶᠡᠯᠡᠭᠦᠯᠦᠭᠰᠡᠨ ᠪᠠᠶᠢᠨ᠎ᠠ᠃ | ᠬᠢᠷᠢ ᠬᠡᠮ ᠤᠨ ᠭᠡᠷᠡᠴᠢᠯᠡᠯᠲᠡ ᠨᠢ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠦᠭᠰᠢᠭᠦᠷᠢ ᠠᠴᠠ ᠰᠠᠶᠢᠲᠤᠷ | ᠵᠠᠶᠢᠯᠠᠬᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ | ᠡᠷᠡᠭᠦᠯ ᠮᠡᠨᠳᠦ ᠵᠢᠴᠢ ᠣᠷᠣᠰᠢᠨ ᠠᠮᠢᠳᠤᠷᠠᠵᠤ ᠪᠠᠶᠢᠭ᠎ᠠ ᠪᠠᠶᠢᠳᠠᠯ ᠢ ᠴᠠᠭ ᠲᠤᠬᠠᠶ ᠳᠤ ᠨᠢ ᠡᠵᠡᠮᠳᠡᠬᠦ ᠪᠠ ᠬᠢᠨᠠᠨ | ᠬᠠᠮᠢᠶᠠᠷᠬᠤ᠂ ᠲᠣᠭᠲᠠᠭᠠᠯ ᠠᠴᠠ ᠵᠥᠷᠢᠴᠡᠨ ᠲᠠᠷᠬᠠᠭᠠᠵᠤ ᠮᠠᠨ ᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦᠨ ᠤ ᠬᠠᠮᠢᠶᠠᠷᠤᠯᠲᠠ ᠶᠢᠨ ᠠᠮᠤᠷ ᠲᠦᠪᠰᠢᠨ ᠢ ᠨᠥᠯᠥᠭᠡᠯᠡᠬᠦ ᠠᠴᠠ ᠵᠠᠶᠢᠯᠠᠰᠬᠢᠬᠦ ᠶᠢᠨ ᠲᠥᠯᠥᠭᠡ ᠭᠠᠷᠭᠠᠭᠰᠠᠨ | ᠨᠢᠭᠡ ᠵᠦᠶᠯ ᠤᠨ ᠴᠢᠬᠤᠯᠠ ᠠᠷᠭ᠎ᠠ ᠬᠡᠮᠵᠢᠶ᠎ᠡ ᠪᠤᠯᠠᠬᠤ ᠶᠤᠮ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |