ᠬᠤᠸᠠᠳᠧ ᠰᠢᠶᠠᠨ ᠤ ᠬᠢᠨ ᠠᠷᠠᠳ ᠢ ᠪᠠᠶᠠᠵᠢᠭᠤᠯᠵᠤ ᠣᠷᠣᠯᠭ᠎ᠠ ᠶᠢ ᠨᠢ ᠨᠡᠮᠡᠭᠳᠡᠭᠦᠯᠬᠦ ᠤᠨᠴᠠᠯᠢᠬᠳᠤ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠰᠦᠪᠡᠭᠴᠢᠯᠡᠵᠦ ᠲᠦᠯᠬᠢᠨ ᠠᠬᠢᠭᠤᠯᠵᠤ  ᠪᠠᠶᠢᠨ᠎ᠠ
ᠨᠡᠶᠢᠲᠡᠯᠡᠭᠰᠡᠨ ᠴᠠᠭ᠄
2022/7/4
     ᠲᠥᠪ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠬᠤᠸᠠᠳᠧ ᠰᠢᠶᠠᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠴᠠᠯᠢᠬᠳᠤ ᠠᠵᠤ ᠦᠢᠯᠡᠰ ᠢᠶᠠᠷ ᠠᠷᠠᠳ ᠢ ᠪᠠᠶᠠᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃      ᠨᠢᠭᠡ ᠳᠤ ᠲᠠᠷᠢᠮᠠᠯ ᠤᠨ ᠦᠢᠯᠡᠰ ᠤᠨ ᠲᠠᠯ᠎ᠠ ᠪᠠᠷ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠨᠡᠮᠡᠯᠲᠡ ᠦᠷᠳᠡᠭ ᠢ ᠳᠡᠭᠡᠭᠰᠢᠯᠡᠭᠦᠯᠬᠦ ᠳᠡᠭᠡᠷ᠎ᠡ ᠭᠤᠣᠯᠳᠠᠯᠭ᠎ᠠ ᠪᠠᠨ ᠲᠠᠯᠪᠢᠪᠠ᠃ ᠣᠷᠭᠠᠨᠢᠭ ᠬᠠᠭᠤᠷᠠᠶ ᠪᠠᠷ ᠲᠠᠷᠢᠭᠰᠠᠨ ᠪᠤᠭᠤᠳᠠᠢ᠂ ᠨᠣᠬᠠᠶ ᠶᠢᠨ ᠬᠤᠰᠢᠭᠤ ᠶᠢ ᠶᠡᠬᠡᠪᠡᠷ ᠬᠥᠭᠵᠢᠭᠦᠯᠬᠦ ᠳᠤ 870 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠪᠦᠬᠦ ᠰᠢᠶᠠᠨ ᠤ ᠣᠷᠭᠠᠨᠢᠭ ᠨᠣᠬᠠᠶ ᠶᠢᠨ ᠬᠤᠰᠢᠭᠤ᠂ ᠣᠷᠭᠠᠨᠢᠭ ᠪᠤᠭᠤᠳᠠᠢ ᠶᠢᠨ ᠲᠠᠷᠢᠮᠠᠯ ᠳᠤ ᠨᠥᠬᠦᠪᠥᠷᠢ ᠥᠭᠭᠦᠪᠡ᠃      ᠬᠤᠶᠠᠷ ᠲᠤ ᠲᠡᠵᠢᠭᠡᠨ ᠦᠷᠡᠵᠢᠭᠦᠯᠬᠦ ᠦᠢᠯᠡᠰ ᠤᠨ ᠲᠠᠯ᠎ᠠ ᠪᠠᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠤ ᠦᠶᠯᠡᠰ ᠢ ᠬᠥᠭᠵᠢᠭᠦᠯᠬᠦ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ︽ᠬᠤᠸᠠᠳᠧ ᠰᠢᠶᠠᠨ ᠤ ᠠᠯᠠᠰᠢᠨ ᠬᠤᠨᠢᠨ ᠤ ᠠᠵᠤ ᠦᠶᠯᠡᠰ ᠢ ᠬᠥᠭᠵᠢᠭᠦᠯᠬᠦ ᠲᠥᠰᠦᠯ︾ ᠢ ᠲᠣᠭᠲᠠᠭᠠᠨ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠪᠠᠶᠢᠭᠤᠯᠬᠤ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢᠨ ᠬᠦᠷᠢᠶᠡᠯᠡᠩ ᠳᠤ ᠣᠷᠤᠭᠤᠯᠬᠤ᠂ ᠡᠷᠦᠬᠡ ᠬᠤᠪᠢᠶᠠᠨ ᠲᠡᠵᠢᠭᠡᠨ ᠠᠷᠠᠴᠢᠯᠠᠬᠤ᠂ ᠲᠣᠤᠷᠵᠢᠭᠤᠯᠤᠨ ᠡᠵᠡᠩᠨᠡᠬᠦ ᠶᠢ ᠳᠥᠯᠭᠢᠨ ᠠᠬᠢᠭᠤᠯᠵᠤ᠂ ᠬᠡᠪᠴᠢᠶᠡᠵᠢᠭᠰᠡᠨ᠂ ᠲᠤᠰᠬᠠᠶᠢᠵᠢᠭᠰᠠᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠦᠶᠯᠡᠰ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠤ ᠲᠡᠩᠴᠡᠭᠦᠷᠢᠲᠡᠶ ᠬᠥᠭᠵᠢᠯᠲᠡ ᠶᠢ ᠪᠡᠶᠡᠯᠡᠭᠦᠯᠪᠡ᠃ ᠣᠳᠣᠬᠠᠨ ᠳᠤ ᠨᠢᠭᠡᠳᠦᠭᠡᠷ ᠪᠦᠯᠦᠭ ᠤᠨ ᠲᠤᠷᠰᠢᠯᠲᠠ ᠶᠢᠨ ᠴᠡᠭ ᠤᠨ 1 ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠶᠠᠭ ᠳᠥᠯᠭᠢᠨ ᠠᠬᠢᠭᠤᠯᠵᠤ ᠪᠠᠶᠢᠨ᠎ᠠ᠂ ᠬᠤᠶᠠᠳᠤᠭᠠᠷ ᠪᠦᠯᠦᠭ ᠲᠤ 4 ᠰᠢᠶᠠᠩ ᠪᠠᠯᠭᠠᠰᠤᠨ ᠳᠤ 9 ᠪᠠᠷᠢᠮᠵᠢᠶᠠᠵᠢᠭᠤᠯᠤᠭᠰᠠᠨ ᠠᠯᠠᠰᠢᠨ ᠬᠤᠨᠢ ︵ᠦᠬᠡᠷ︶ ᠲᠡᠵᠢᠭᠡᠨ ᠦᠷᠡᠵᠢᠭᠦᠯᠬᠦ ᠬᠦᠷᠢᠶᠡᠯᠡᠩ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠨᠢᠭᠡᠳᠦᠭᠡᠷ ᠪᠦᠯᠦᠭ ᠤᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠭᠰᠠᠨ ᠪᠠᠶᠢᠳᠠᠯ ᠢ ᠦᠨᠳᠦᠰᠦᠯᠡᠨ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ ᠪᠣᠯᠤᠨ᠎ᠠ᠃      ᠭᠤᠷᠪᠠ ᠳᠤ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠤᠨ ᠲᠠᠯ᠎ᠠ ᠪᠠᠷ᠂ 243.5 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ ᠪᠠᠷᠠᠭᠤᠨ ᠤᠰᠤ ᠲᠣᠰᠬᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠶᠯ ᠢ ᠪᠥᠲᠥᠭᠡᠨ ᠪᠠᠶᠢᠭᠤᠯᠵᠤ᠂ ᠡᠷᠬᠢᠨ ᠲᠣᠭᠤᠷᠢᠨ ᠤ ᠠᠮᠢ ᠠᠬᠤᠶ ᠶᠢᠨ ᠲᠠᠷᠢᠶᠠᠯᠠᠩ ᠵᠢᠴᠢ ᠠᠷᠠᠳ ᠤᠨ ᠪᠠᠭᠤᠳᠠᠯ᠂ ᠰᠡᠯᠡᠭᠦᠴᠡᠯ᠂ ᠨᠠᠭᠠᠳᠤᠮ ᠵᠡᠷᠭᠡ ᠤᠨᠴᠠᠯᠢᠭᠳᠤ ᠠᠵᠤ ᠦᠶᠯᠡᠰ ᠲᠤ ᠲᠦᠰᠢᠭᠯᠡᠨ᠂ ᠠᠷᠠᠳ ᠤᠨ ᠪᠠᠭᠤᠳᠠᠯ ᠶᠢᠨ ᠲᠥᠷᠥᠯ ᠵᠦᠶᠯ ᠢ ᠬᠥᠳᠡᠭᠡ ᠲᠣᠰᠬᠤᠨ ᠤ ᠵᠠᠩ ᠦᠶᠯᠡ ᠶᠢ ᠣᠶᠢᠯᠠᠭᠠᠬᠤ᠂ ᠲᠠᠷᠢᠶᠠᠯᠠᠬᠤ ᠰᠣᠶᠣᠯ ᠢ ᠣᠶᠢᠯᠠᠭᠠᠬᠤ᠂ ᠲᠠᠷᠢᠶᠠᠴᠢᠨ ᠠᠶᠢᠯ ᠳᠤ ᠣᠴᠢᠵᠤ ᠠᠮᠢᠳᠤᠷᠠᠬᠤ ᠯᠤᠭ᠎ᠠ ᠣᠷᠭᠠᠨᠢᠭ ᠢᠶᠠᠷ ᠤᠶᠠᠯᠳᠤᠭᠤᠯᠪᠠ᠃                                             ᠣᠷᠴᠢᠭᠤᠯᠤᠭᠴᠢ᠄ ᠤᠳᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2