19 ᠰᠠᠷ᠎ᠠ ᠶᠢᠨ ᠪᠠᠴᠢᠮ ᠶᠠᠭᠠᠷᠠᠯᠲᠠᠢ ᠪᠠᠷᠢᠯᠭ᠎ᠠ ᠶᠢᠨ ᠠᠵᠢᠯ ᠢ ᠥᠩᠭᠡᠷᠡᠭᠡᠭᠡᠳ᠂ ᠲᠠᠭ᠎ᠠ ᠶᠢᠨ ᠨᠠᠭᠤᠷ ᠤᠨ | ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠢᠨᠵᠧᠨᠧᠷᠢᠩ ᠤᠨ ᠭᠤᠣᠯ ᠴᠣᠭᠴᠠ ᠶᠢᠨ | ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ᠂ ᠰᠡᠭᠦᠯ ᠬᠤᠷᠢᠶᠠᠬᠤ ᠱᠠᠲᠤᠨ ᠳᠤ ᠣᠷᠣᠪᠠ᠂ ᠪᠠᠷᠢᠯᠭ᠎ᠠ ᠶᠢᠨ | ᠭᠤᠣᠯ ᠪᠣᠯᠬᠤ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠣᠯ ᠤᠰᠤ ᠡᠯᠪᠡᠭᠵᠢᠬᠦ ᠬᠤᠭᠤᠴᠠᠭᠠᠨ ᠳᠤ ᠬᠠᠳᠤᠨ | ᠭᠤᠣᠯ ᠤᠨ ᠭᠤᠣᠯ ᠤᠷᠤᠰᠬᠠᠯ ᠠᠴᠠ ᠤᠰᠤ ᠲᠠᠲᠠᠵᠤ ᠲᠠᠭ᠎ᠠ ᠶᠢᠨ ᠨᠠᠭᠤᠷ ᠲᠤ ᠤᠰᠤ ᠨᠥᠬᠦᠪᠥᠷᠢᠯᠡᠵᠦ᠂ | ᠲᠠᠭ᠎ᠠ ᠶᠢᠨ ᠨᠠᠭᠤᠷ ᠤᠨ ᠲᠠᠯᠠᠪᠠᠢ ᠶᠢᠨ ᠲᠦᠷᠭᠡᠨ ᠠᠪᠴᠢᠬᠤ ᠶᠢ ᠬᠤᠷᠢᠭᠯᠠᠬᠤ ᠪᠠ ᠨᠠᠭᠤᠷ ᠤᠨ ᠤᠰᠤᠨ ᠤ ᠴᠢᠨᠠᠷ ᠢ | ᠰᠠᠶᠢᠵᠢᠷᠠᠭᠤᠯᠬᠤ ᠬᠠᠷᠠᠯᠲᠠ ᠶᠢ ᠪᠡᠶᠡᠯᠡᠭᠦᠯᠵᠦ᠂ ᠭᠠᠵᠠᠷ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠳᠠᠶᠢᠴᠢᠯᠠᠬᠤ ᠶᠠᠪᠤᠳᠠᠯ ᠪᠣᠯᠤᠨ᠎ᠠ᠃ ᠢᠨᠵᠧᠨᠧᠷᠢᠩ ᠳᠤ ︽ᠭᠤᠷᠪᠠᠨ ᠳᠡᠰ ᠤᠨ ᠳᠠᠷᠤᠯᠲᠠ ᠨᠡᠮᠡᠬᠦ + | ᠬᠤᠶᠠᠷ ᠳᠡᠰ ᠤᠨ ᠬᠦᠨᠳᠦ ᠶᠢᠨ ᠬᠦᠴᠦ︾ ᠶᠢᠨ ᠤᠰᠤ ᠳᠠᠮᠵᠢᠭᠤᠯᠬᠤ ᠲᠥᠰᠦᠯ ᠢ ᠬᠡᠷᠡᠭᠯᠡᠵᠦ᠂ ᠵᠢᠷᠤᠵᠤ | ᠲᠥᠯᠥᠪᠯᠡᠭᠰᠡᠨ ᠬᠠᠮᠤᠭ ᠤᠨ ᠶᠡᠭᠡ ᠤᠰᠤ ᠲᠠᠲᠠᠬᠤ ᠴᠢᠳᠠᠪᠤᠷᠢ ᠨᠢ ᠵᠢᠯ ᠪᠦᠷᠢ 9524 ᠲᠦᠮᠡᠨ ᠪᠣᠰᠤᠭ᠎ᠠ | ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠤᠰᠤ ᠳᠠᠮᠵᠢᠭᠤᠯᠬᠤ ᠵᠠᠶ ᠨᠢ 134.24 ᠺᠢᠯᠣᠮᠧᠲᠷ ᠪᠠᠶᠢᠵᠤ᠂ | ᠪᠠᠷᠢᠯᠭ᠎ᠠ ᠶᠢᠨ ᠭᠤᠤᠯ ᠪᠣᠯᠬᠤ ᠪᠠᠷᠢᠯᠭ᠎ᠠ ᠳᠤ 3 ᠬᠥᠭᠡᠷᠭᠡ ᠶᠢᠨ ᠥᠷᠲᠡᠭᠡ᠂ 3 ᠨᠦᠬᠡᠨ ᠵᠠᠮ ᠪᠠ 123.09 | ᠺᠢᠯᠣᠮᠧᠲᠷ ᠤᠨ ᠤᠰᠤ ᠳᠠᠮᠵᠢᠭᠤᠯᠬᠤ ᠬᠤᠭᠤᠯᠠᠶ ᠶᠢᠨ ᠱᠤᠭᠤᠮ ᠪᠠᠭᠲᠠᠨ᠎ᠠ᠃ | ᠣᠲᠣ ᠪᠣᠯᠲᠠᠯ᠎ᠠ᠂ ᠭᠤᠷᠪᠠᠨ ᠨᠦᠬᠡᠨ ᠵᠠᠮ ᠪᠦᠬᠦᠨ ᠢᠶᠠᠷ ᠢᠶᠠᠨ ᠳᠠᠭᠤᠰᠴᠤ᠂ 123.09 ᠺᠢᠯᠣᠮᠧᠲᠷ ᠤᠨ | ᠤᠰᠤ ᠳᠠᠮᠵᠢᠭᠤᠯᠬᠤ ᠬᠤᠭᠤᠯᠠᠶ ᠶᠢᠨ ᠱᠤᠭᠤᠮ ᠢ ᠪᠦᠬᠦᠨ ᠢ ᠳᠡᠪᠢᠰᠴᠦ᠂ 3 ᠬᠥᠭᠡᠷᠭᠡ ᠶᠢᠨ ᠥᠷᠲᠡᠭᠡᠨ ᠤ ᠭᠤᠤᠯ | ᠴᠣᠭᠴᠠ ᠶᠢ ᠨᠢᠭᠡᠨᠲᠡ ᠳᠠᠭᠤᠰᠬᠠᠵᠤ᠂ ᠲᠣᠨᠤᠭ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠣᠬᠢᠷᠠᠭᠤᠯᠬᠤ ᠠᠵᠢᠯ ᠢ | ᠪᠦᠬᠦᠨ ᠢᠶᠠᠷ ᠢᠶᠠᠨ ᠳᠠᠭᠤᠰᠬᠠᠪᠠ᠂ ᠵᠢᠱᠢᠯᠲᠡ ᠪᠠᠷ 8 ᠰᠠᠷ᠎ᠠ ᠶᠢᠨ 1 ᠤ ᠡᠳᠦᠷ᠂ ᠬᠠᠲᠤᠨ ᠭᠤᠤᠯ ᠤᠨ ᠤᠰᠤᠨ | ᠲᠦᠪᠰᠢᠨ ᠨᠥᠬᠦᠴᠡᠯ ᠪᠥᠷᠢᠳᠦᠭᠰᠡᠨ ᠪᠠᠶᠢᠳᠠᠯ ᠳᠣᠤᠷ᠎ᠠ᠂ ᠵᠢᠩᠬᠢᠨᠢ ᠪᠠᠷ ᠤᠰᠤ ᠲᠠᠲᠠᠵᠤ ᠳᠠᠭ᠎ᠠ ᠶᠢᠨ ᠨᠠᠭᠤᠷ ᠲᠤ | ᠤᠰᠤ ᠨᠥᠬᠦᠪᠥᠷᠢᠯᠡᠵᠦ ᠥᠭᠭᠦᠨ᠎ᠡ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |